ᠪᠠᠷᠠᠭᠤᠨ ᠦᠵᠦᠮᠦᠴᠢᠨ ᠬᠤᠰᠢᠭᠤ ᠠᠷᠪᠠᠳᠠᠬᠢ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠠᠷᠪᠠᠳᠠᠬᠢ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠪᠦᠦ ᠯᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃     ᠪᠦᠦ ᠯᠢᠨ ᠶᠠᠷᠢᠶᠠᠨ ᠳᠠᠭᠠᠨ᠂ ᠤᠯᠤᠰ ᠤᠨ ᠠᠮᠤᠷ ᠲᠦᠪᠰᠢᠨ ᠪᠣᠯ ᠲᠥᠷᠥ ᠲᠠᠶᠢᠪᠣᠩ ᠲᠦᠮᠡᠨ ᠠᠮᠤᠭᠤᠯᠠᠩ ᠪᠠᠶᠢᠬᠤ ᠶᠢᠨ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ᠎ᠠ᠃ ᠣᠶᠢᠷ᠎ᠠ ᠶᠢᠨ ᠵᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠦᠨᠡᠨ ᠬᠦ ᠠᠳᠬᠤᠵᠤ ᠪᠣᠳᠠᠲᠠᠢ ᠬᠠᠮᠢᠶᠠᠷᠬᠤ᠂ ᠲᠤᠬᠠᠶᠢᠯᠠᠭᠰᠠᠨ ᠠᠵᠢᠯ ᠤᠨ ᠪᠠᠶᠢᠭᠤᠯᠭ᠎ᠠ ᠴᠢᠩᠭ᠎ᠠ ᠠᠳᠬᠤᠵᠤ ᠴᠢᠩᠭ᠎ᠠ ᠬᠠᠮᠢᠶᠠᠷᠬᠤ᠂ ᠪᠦᠷᠢᠯᠳᠦᠭᠦᠨ ᠨᠢᠭᠡᠴᠡ ᠬᠠᠮᠲᠤᠪᠠᠷ ᠠᠳᠬᠤᠵᠤ ᠬᠠᠮᠲᠤ ᠪᠠᠷ ᠬᠠᠮᠢᠶᠠᠷᠬᠤ᠂ ᠠᠷᠠᠳ ᠣᠯᠠᠨ ᠣᠯᠠᠨ ᠢᠶᠠᠷ ᠢᠶᠠᠨ ᠰᠡᠷᠭᠡᠶᠢᠯᠡᠵᠦ ᠬᠠᠮᠲᠤ ᠪᠠᠷ ᠬᠠᠮᠢᠶᠠᠷᠬᠤ︾ ᠠᠵᠢᠯ ᠤᠨ ᠪᠠᠶᠢᠷᠢᠰᠢᠯ  ᠢ ᠪᠦᠷᠢᠯᠳᠦᠭᠦᠯᠵᠦ᠂ ᠡᠯ᠎ᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃     ᠪᠦᠦ ᠯᠢᠨ ᠴᠢᠬᠤᠯᠠᠴᠢᠯᠠᠭᠰᠠᠨ ᠨᠢ᠂ ᠡᠨᠡ ᠵᠢᠯ ᠪᠣᠯ  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠬᠦ ᠴᠢᠬᠤᠯᠠ ᠵᠢᠯ ᠪᠣᠯᠣᠨ᠎ᠠ᠂ ᠤᠯᠤᠰ ᠤᠨ ᠠᠮᠤᠷ ᠲᠦᠪᠰᠢᠨ ᠤ ᠠᠵᠢᠯ ᠤᠨ ᠡᠭᠦᠷᠭᠡ  ᠬᠥᠨᠳᠥ᠂ ᠠᠴᠢ ᠬᠤᠯᠪᠣᠭᠳᠠᠯ ᠨᠢ ᠶᠡᠭᠡ ᠶᠤᠮ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ︽ᠳᠣᠯᠤᠭ᠎ᠠ ᠳᠤ ᠬᠦᠷᠭᠡᠬᠦ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠡᠯ᠎ᠡ ᠵᠦᠢᠯ ᠤᠨ ᠠᠵᠢᠯ ᠢ ᠥᠷᠨᠢᠭᠦᠯᠬᠦ ᠶᠢᠨ ᠴᠢᠬᠤᠯᠠ ᠵᠢᠷᠤᠮᠯᠠᠯ ᠪᠣᠯᠭᠠᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠡᠳᠦᠷ ᠳᠤᠳᠤᠮ ᠤᠨ ᠰᠢᠢᠳᠪᠦᠷᠢᠲᠦ ᠪᠣᠳᠣᠯᠭ᠎ᠠ᠂ ᠬᠡᠷᠡᠭᠵᠢᠭᠦᠯᠦᠯᠲᠡ ᠪᠣᠯᠣᠨ ᠬᠢᠨᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠣᠳᠠᠲᠠᠢ ᠠᠳᠬᠤᠨ᠂ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠭᠰᠠᠨ ᠬᠦᠴᠦᠨ ᠢ ᠨᠢᠭᠲᠠᠷᠠᠭᠤᠯᠤᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠨᠡᠶᠢᠳᠡ  ᠳᠤᠨᠢ ᠬᠠᠷᠠᠭᠠᠯᠵᠠᠬᠤ ᠶᠢ ᠦᠨᠡᠨᠬᠦ ᠪᠡᠶᠡᠯᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠪᠠᠷᠠᠭᠤᠨ ᠦᠵᠦᠮᠦᠴᠢᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠣᠰᠣᠨ ᠤ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠡᠢ᠃     ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠶᠣᠰᠣᠯᠠᠯ ᠳᠤ ᠣᠷᠣᠯᠴᠠᠭᠰᠠᠨ ᠪᠦᠬᠦ ᠬᠥᠮᠥᠰ ᠠᠮᠢ ᠠᠬᠤᠢ ᠶᠢᠨ ᠠᠮᠤᠷ ᠲᠦᠪᠰᠢᠨ᠂ ᠭᠠᠵᠠᠷ ᠰᠢᠷᠣᠢ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠵᠡᠷᠭᠡ 10 ᠭᠠᠷᠤᠢ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠪᠡ᠃ ᠡᠯ᠎ᠡ ᠬᠤᠯᠪᠣᠭᠳᠠᠯ ᠪᠦᠬᠦᠢ ᠨᠢᠭᠡᠴᠡ ᠨᠢ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠤᠯᠠᠨ ᠨᠡᠶᠢᠲᠡ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠲᠠᠯ᠎ᠠ ᠪᠠᠷ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号