4 ᠰᠠᠷ᠎ᠠ ᠶᠢᠨ 16 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠰᠢᠨ᠎ᠡ ᠶᠢ ᠡᠭᠦᠳᠴᠦ ᠦᠢᠯᠡᠰ | ᠪᠣᠰᠬᠠᠬᠤ ᠰᠠᠭᠤᠷᠢᠨ ᠭᠠᠵᠠᠷ ᠲᠤ᠂ ᠥᠨ᠎ᠡ ᠲᠥᠯᠦᠪᠦᠷᠢ ᠦᠭᠡᠢ ᠠᠯᠪᠠᠨ ᠤ ᠰᠢᠯᠭᠠᠯᠲᠠ ᠶᠢᠨ ᠪᠣᠯᠪᠠᠰᠤᠷᠠᠯ ᠡᠷᠬᠢᠯᠡᠪᠡ | ᠃ ᠲᠣᠰ ᠤᠳᠠᠭᠠᠨ ᠤ ᠪᠣᠯᠪᠠᠰᠣᠷᠠᠯ ᠢ ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠂ ᠳᠡᠭᠦᠯᠢᠯ ᠨᠡᠶᠢᠲᠡ ᠶᠢᠨ ᠳᠠᠪᠳᠠᠯᠭ᠎ᠠ ᠶᠢᠨ ᠥᠷᠦᠭᠡ᠂ ᠴᠧᠩ ᠭᠥᠩ ᠰᠤᠷᠭᠠᠨ ᠬᠥᠮᠦᠵᠢᠯ | ᠬᠠᠮᠲᠤᠷᠠᠨ ᠡᠷᠭᠢᠯᠡᠵᠦ᠂ ᠠᠯᠪᠠᠲᠠᠨ ᠪᠣᠯᠬᠤ ᠬᠦᠰᠡᠯ ᠲᠠᠢ 70 ᠵᠠᠯᠠᠭᠤᠴᠤᠳ ᠣᠷᠣᠯᠴᠠᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠣᠷᠠᠯ ᠤᠨ ᠪᠡᠯᠡᠳᠬᠡᠯ ᠠᠵᠢᠯ ᠢ ᠨᠠᠷᠢᠨ ᠬᠢᠵᠦ᠂ ᠴᠧᠩ ᠬᠥᠩ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯᠲᠡᠨ ᠢ ᠤᠷᠢᠵᠤ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠪᠠ᠃ ᠡᠲᠡᠭᠡᠷ ᠲᠤᠰᠬᠠᠢ | ᠮᠡᠷᠭᠡᠵᠢᠯᠲᠡᠨ ᠠᠯᠪᠠᠲᠠᠨ ᠤ ᠰᠢᠯᠭᠠᠯᠲᠠ ᠶᠢᠨ ᠪᠣᠯᠪᠠᠰᠣᠷᠠᠯ ᠤᠨ ᠲᠠᠯ᠎ᠠ ᠳᠤ ᠣᠯᠠᠨ ᠵᠢᠯ ᠭᠦᠨᠵᠡᠭᠡᠶᠢᠷᠡᠵᠦ᠂ ᠡᠯᠪᠡᠭ | ᠪᠠᠶᠠᠯᠢᠭ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ ᠪᠠᠶᠢᠵᠤ᠂ ᠢᠷᠡᠬᠦ ᠲᠤᠯᠤᠭᠠᠨ ᠡᠳᠦᠷ ᠲᠤ᠂ ᠲᠠᠳᠠ ᠪᠥᠬᠦ | ᠬᠦᠴᠦᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠰᠤᠷᠤᠭᠴᠢᠳ ᠲᠤ ᠰᠢᠰᠲ᠋ᠧᠮ ᠲᠠᠢ ᠪᠥᠭᠡᠳ ᠲᠤᠰᠬᠠᠢ ᠮᠡᠷᠭᠡᠵᠢᠯ | ᠤᠨ ᠠᠯᠪᠠᠲᠠᠨ ᠤ ᠰᠢᠯᠭᠠᠯᠲᠠ ᠶᠢᠨ ᠮᠡᠳᠡᠯᠭᠡ ᠪᠠ ᠤᠷ᠎ᠠ ᠮᠡᠷᠭᠡᠵᠢᠯ ᠢ ᠵᠢᠭᠠᠨ ᠥᠭᠴᠦ᠂ ᠰᠤᠷᠤᠭᠴᠢᠳ ᠤᠨ ᠮᠡᠳᠡᠯᠭᠡ | ᠶᠢᠨ ᠳᠤᠲᠠᠭᠤᠳᠠᠯ ᠢ ᠨᠥᠬᠦᠪᠦᠷᠢᠯᠡᠵᠦ᠂ ᠶᠡᠷᠦᠩᠬᠡᠶᠢᠯᠡᠭᠰᠡᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ | ᠣᠯᠭᠤᠯᠲᠠ ᠶᠢᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠠᠪᠢᠶᠠᠰ ᠴᠢᠳᠠᠪᠤᠷᠢ ᠪᠠᠨ ᠢᠯᠡᠷᠡᠭᠦᠯᠬᠦ ᠳᠤ ᠨᠢ | ᠲᠤᠰᠠᠯᠠᠬᠤ ᠪᠣᠯᠣᠨ᠎ᠠ᠃ | ᠰᠢᠯᠭᠠᠯᠲᠠ ᠳᠤ ᠪᠡᠯᠡᠳᠬᠡᠬᠦ ᠵᠠᠯᠠᠭᠤᠴᠤᠳ ᠤᠨ ᠠᠵᠤ ᠠᠬᠤᠢ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ | ᠶᠢᠨ ᠲᠣᠯᠠᠳᠠ᠂ ᠭᠤᠣᠯᠯᠠᠨ ᠡᠷᠬᠢᠯᠡᠬᠦ ᠲᠠᠯ᠎ᠠ ᠶᠢᠨ ᠬᠢᠨ ᠬᠠᠷᠢᠭᠤᠴᠠᠯᠭ᠎ᠠ ᠪᠠᠨ ᠭᠦᠢᠴᠡᠳ ᠡᠭᠦᠷᠭᠡᠯᠡᠵᠤ᠂ ᠬᠢᠴᠢᠶᠡᠯ | ᠤᠨ ᠰᠦᠢᠳᠬᠡᠯ᠂ ᠲᠠᠯᠠᠪᠤᠷ ᠤᠨ ᠰᠦᠢᠳᠬᠡᠯ᠂ ᠮᠠᠲ᠋ᠧᠷᠢᠶᠠᠯ ᠤᠨ ᠰᠦᠢᠳᠬᠡᠯ ᠢ ᠪᠦᠬᠦᠨ ᠢ ᠬᠡᠯᠲᠦᠷᠢᠭᠦᠯᠵᠦ᠂ | ᠵᠠᠯᠠᠭᠤᠴᠤᠳ ᠢ ᠥᠴᠥᠬᠡᠨ ᠴᠦ ᠡᠷᠡᠭᠡᠯᠵᠡᠭᠡ ᠦᠭᠡᠢ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠣᠷᠣᠯᠴᠠᠬᠤ | ᠳᠤ ᠬᠠᠨᠣᠮᠵᠢᠲᠠᠢ ᠨᠥᠭᠦᠴᠡᠯ ᠬᠠᠩᠭᠠᠪᠠ᠃ ᠡᠶᠢᠮᠦᠷᠬᠦ ᠪᠦᠬᠦ ᠲᠠᠯ᠎ᠠ ᠶᠢᠨ ᠳᠡᠮᠵᠢᠯᠭᠡ ᠨᠢ ᠵᠠᠯᠠᠭᠤᠴᠤᠳ ᠤᠨ ᠦᠰᠦᠨ | ᠪᠤᠶᠢᠵᠢᠯᠲᠠ ᠶᠢ ᠬᠠᠯᠠᠮᠵᠢᠯᠠᠵᠤ ᠪᠠᠶᠢᠬᠤ ᠪᠠᠷ ᠪᠠᠷᠠᠬᠤ ᠦᠭᠡᠢ ᠨᠡᠩ ᠴᠤ ᠭᠠᠵᠠᠷ ᠣᠷᠣᠨ ᠤ ᠠᠵᠢᠯ ᠣᠯᠭᠤᠯᠲᠠ ᠶᠢᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠤᠯᠠᠨ ᠵᠠᠯᠠᠭᠤᠴᠤᠳ ᠤᠨ ᠠᠯᠪᠠᠨ | ᠲᠤᠰᠢᠶᠠᠯ ᠤᠨ ᠬᠦᠷᠢᠶᠡᠨ ᠳᠤ ᠣᠷᠣᠯᠴᠠᠬᠤ ᠶᠢ ᠵᠣᠷᠢᠭᠵᠢᠭᠤᠯᠵᠤ᠂ ᠬᠤᠪᠢ ᠬᠥᠮᠥᠨ ᠤ ᠦᠷᠳᠡᠭ ᠪᠣᠯᠣᠨ ᠠᠵᠢᠯ ᠤᠨ | ᠪᠠᠶᠢᠷᠢ ᠶᠢᠨ ᠬᠡᠷᠡᠭᠴᠡᠭᠡ ᠶᠢ ᠪᠦᠷᠢᠨ ᠲᠡᠭᠦᠯᠳᠡᠷ ᠵᠣᠬᠢᠴᠠᠭᠤᠯᠬᠤ ᠶᠢ ᠪᠡᠶᠡᠯᠡᠭᠦᠯᠬᠦ ᠪᠣᠯᠣᠨ᠎ᠠ᠃ | ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠪᠣᠯᠪᠠᠰᠣᠷᠠᠯ ᠪᠣᠯ ᠪᠠᠷᠠᠭᠤᠨ ᠦᠵᠦᠮᠦᠴᠢᠨ ᠬᠤᠰᠢᠭᠤᠨ ᠤ | ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠪᠠᠰᠠ ᠨᠢᠭᠡᠨ ᠬᠦᠴᠦᠲᠡᠢ ᠠᠷᠭ᠎ᠠ ᠬᠡᠮᠵᠢᠶ᠎ᠡ ᠮᠥᠨ | ᠃ ᠪᠠᠷᠠᠭᠤᠨ ᠦᠵᠦᠮᠦᠴᠢᠨ ᠬᠤᠰᠢᠭᠤ ᠨᠢ ᠦᠷᠭᠦᠯᠵᠢᠯᠡᠨ ᠴᠢᠷᠮᠠᠶᠢᠵᠤ᠂ ᠵᠠᠯᠠᠭᠤᠴᠤᠳ ᠤᠨ ᠠᠵᠢᠯ ᠣᠯᠭᠤᠯᠲᠠ ᠶᠢᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠩ ᠣᠯᠠᠨ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠤ | ᠪᠦᠲᠦᠮᠵᠢᠲᠦ ᠴᠢᠨᠠᠷ ᠢᠶᠠᠷ ᠥᠨᠳᠥᠷ ᠪᠣᠯᠪᠠᠰᠤᠷᠠᠯ ᠪᠠ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ | ᠵᠠᠯᠠᠭᠤᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠵᠠᠮ ᠳᠡᠪᠢᠰᠴᠦ᠂ ᠪᠠᠷᠠᠭᠤᠨ ᠦᠵᠦᠮᠦᠴᠢᠨ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ | | |