ᠬᠦᠷ ᠬᠦᠭᠵᠢᠶᠡᠨ ᠲᠠᠢ ᠰᠤᠷᠭᠠᠭᠤᠯᠢ ᠶᠢᠨ ᠬᠦᠷᠢᠶᠡᠨ ᠤ ᠬᠤᠶᠠᠷ ᠴᠠᠭ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ
ᠨᠡᠶᠢᠲᠡᠯᠡᠭᠰᠡᠨ ᠴᠠᠭ᠄
2025/4/21
     ᠪᠠᠷᠠᠭᠤᠨ ᠦᠵᠦᠮᠦᠴᠢᠨ ᠬᠤᠰᠢᠭᠤ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠬᠥᠲᠥᠯᠪᠦᠷᠢ︾ ᠪᠠᠷ ᠵᠢᠯᠣᠭᠤᠳᠤᠯᠭ᠎ᠠ ᠪᠣᠯᠭᠠᠵᠤ᠂ ︽ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠨ᠂ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠲᠠᠮᠢᠷ ᠤᠨ ᠬᠥᠳᠡᠯᠭᠡᠭᠡᠨ ᠤ ᠴᠠᠭ ᠢ 2 ᠴᠠᠭ ᠠᠴᠠ ᠳᠡᠭᠡᠭᠰᠢ ᠪᠠᠶᠢᠯᠭᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠳᠡᠯᠭᠡᠭᠡᠨ ᠤ ᠲᠠᠯᠠᠪᠤᠷ᠂ ᠬᠢᠴᠢᠶᠡᠯ ᠤᠨ ᠪᠠᠶᠢᠷᠢᠯᠠᠭᠤᠯᠤᠯᠲᠠ ᠂ ᠪᠠᠭᠰᠢ ᠶᠢᠨ ᠲᠣᠬᠢᠷᠠᠭᠤᠯᠤᠯᠲᠠ᠂ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠬᠦᠷᠲᠡᠯ᠎ᠡ ᠴᠥᠮ ᠨᠠᠷᠢᠨ ᠨᠢᠮᠪᠠᠢ ᠵᠣᠬᠢᠴᠠᠭᠤᠯᠤᠨ᠂ ᠰᠤᠷᠤᠭᠴᠢᠳ ᠤᠨ ᠪᠡᠶ᠎ᠡ ᠲᠠᠮᠢᠷ ᠤᠨ ᠬᠥᠳᠡᠯᠭᠡᠭᠡᠨ ᠤ ᠴᠠᠭ ᠢ ᠦᠨᠡᠨᠬᠦ ᠪᠠᠲᠤᠯᠠᠨ᠂ ᠰᠤᠷᠭᠠᠭᠤᠯᠢ ᠶᠢᠨ ᠬᠦᠷᠢᠶᠡᠨ ᠤ ᠪᠡᠶ᠎ᠡ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠦ ᠪᠤᠢ᠃     ᠦᠳᠡ ᠶᠢᠨ ᠡᠮᠦᠨᠡᠬᠢ 10 ᠴᠠᠭ ᠲᠤ᠂ ᠬᠢᠴᠢᠶᠡᠯ ᠪᠠᠭᠤᠬᠤ ᠬᠤᠩᠬ᠎ᠠ ᠳᠤᠤᠭᠠᠷᠤᠮᠠᠭᠴᠠ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠦᠷᠢᠶ᠎ᠡ ᠬᠦᠷ ᠬᠥᠭᠵᠢᠶᠡᠨ ᠢᠶᠠᠷ ᠪᠢᠯᠬᠠᠯ᠎ᠠ᠃ ᠪᠦᠬᠦ ᠰᠤᠷᠭᠠᠭᠤᠯᠢ ᠶᠢᠨ 36 ᠠᠩᠭᠢ ᠨᠢᠭᠡᠴᠡ ᠶᠢᠨ 1500 ᠭᠠᠷᠣᠢ ᠰᠣᠷᠣᠭᠴᠢ ᠲᠠᠮᠢᠷ ᠤᠨ ᠲᠠᠯᠠᠪᠤᠷ ᠲᠤ ᠴᠤᠭᠯᠠᠷᠠᠵᠤ ᠬᠠᠭᠠᠰ ᠴᠠᠭ ᠤᠨ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠲᠠᠭᠠᠨ ᠭᠠᠷᠴᠤ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠠᠮᠢᠵᠢᠷᠠᠯ ᠤᠨ ᠬᠦᠴᠦᠨ ᠢᠶᠠᠷ ᠪᠢᠯᠬᠠᠯ᠎ᠠ᠃       ᠰᠣᠷᠣᠭᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ ᠪᠥᠬᠦ ᠲᠠᠯ᠎ᠠ ᠶᠢᠨ ᠬᠦᠮᠦᠵᠢᠯ ᠢ ᠴᠢᠩᠭᠠᠳᠬᠠᠬᠤ ᠶᠢᠨ ᠲᠣᠰᠠᠳᠠ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠣᠯᠣᠭᠠᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠳᠤ ᠡᠳᠦᠷ ᠪᠦᠷᠢ 1 ᠴᠠᠭ ᠤᠨ ᠪᠡᠶ᠎ᠡ ᠲᠠᠮᠢᠷ ᠤᠨ ᠬᠢᠴᠢᠶᠡᠯ ᠢ ᠪᠠᠲᠤᠯᠠᠭᠰᠠᠨ ᠰᠠᠭᠤᠷᠢᠨ ᠳᠡᠭᠡᠷ᠎ᠡ ᠦᠳᠡ ᠶᠢᠨ ᠡᠮᠦᠨ᠎ᠡ᠂ ᠦᠳᠡ ᠶᠢᠨ ᠬᠤᠶᠢᠨ᠎ᠠ ᠲᠤᠰ ᠪᠦᠷᠢ ᠬᠠᠭᠠᠰ ᠴᠠᠭ ᠤᠨ ᠪᠡᠶ᠎ᠡ ᠲᠠᠮᠢᠷ ᠤᠨ ᠬᠢᠴᠢᠶᠡᠯ ᠤᠨ ᠵᠠᠪᠰᠠᠷᠯᠠᠭ᠎ᠠ ᠶᠢ ᠨᠡᠮᠡᠵᠦ ᠲᠤᠬᠢᠷᠠᠭᠤᠯᠪᠠ᠃ ᠪᠠᠭ᠎ᠠ ᠰᠤᠷᠭᠠᠭᠤᠯᠢ ᠶᠢᠨ ᠦᠳᠡ ᠶᠢᠨ ᠡᠮᠦᠨᠡᠬᠢ ᠬᠢᠴᠢᠶᠡᠯ  ᠤᠨ ᠵᠠᠪᠰᠠᠷᠯᠠᠭ᠎ᠠ ᠶᠢᠨ ᠠᠮᠠᠷᠠᠯᠲᠠ ᠶᠢᠨ ᠴᠠᠭ ᠢ 15 ᠮᠢᠨᠦ᠋ᠲ ᠪᠣᠯᠲᠠᠯ᠎ᠠ ᠤᠷᠲᠤᠳᠬᠠᠵᠤ᠂  ᠪᠠᠰᠠ ᠬᠢᠴᠢᠶᠡᠯ ᠤᠨ ᠢᠯᠡᠳᠭᠡᠯ ᠪᠣᠯᠣᠨ ᠠᠵᠢᠯᠯᠠᠵᠤ ᠠᠮᠠᠷᠠᠬᠤ ᠴᠠᠭ ᠲᠤ ᠲᠣᠬᠢᠷᠠᠭᠤᠯᠤᠯᠲᠠ ᠬᠢᠵᠦ᠂ ᠪᠡᠶ᠎ᠡ ᠲᠠᠮᠢᠷ ᠤᠨ ᠬᠥᠳᠡᠯᠭᠡᠭᠡᠨ ᠤ ᠴᠠᠭ ᠢ ᠪᠣᠰᠣᠳ ᠬᠢᠴᠢᠶᠡᠯ ᠳᠤ ᠠᠰᠢᠭᠯᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠲᠠᠮᠢᠷ ᠤᠨ ᠬᠦᠳᠡᠯᠭᠡᠭᠡᠨ ᠢ ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠠᠠᠳᠠ ᠤᠶᠠᠯᠳᠤᠭᠤᠯᠤᠭᠰᠠᠨ ᠪᠠᠶᠢᠨ᠎ᠠ᠃     ᠪᠡᠶ᠎ᠡ ᠲᠠᠮᠢᠷ ᠤᠨ ᠬᠢᠴᠢᠶᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠤᠭᠴᠢᠳ ᠤᠨ ᠪᠡᠶ᠎ᠡ ᠰᠡᠳᠬᠢᠴᠡ ᠶᠢᠨ ᠣᠨᠴᠠᠯᠢᠭ ᠪᠠ ᠳᠤᠷ᠎ᠠ ᠰᠣᠨᠢᠷᠬᠠᠯ ᠲᠠᠢ ᠤᠶᠠᠯᠳᠤᠭᠤᠯᠤᠨ᠂ ︽ᠨᠢᠭᠡ ᠰᠤᠷᠭᠠᠭᠤᠯᠢ ᠨᠢᠭᠡ ᠲᠥᠷᠥᠯ ᠵᠦᠢᠯ︾ ᠤᠨ ᠲᠤᠰᠬᠠᠢ ᠲᠥᠷᠥᠯ ᠤᠨ ᠪᠡᠶ᠎ᠡ ᠲᠠᠮᠢᠷ ᠤᠨ ᠬᠢᠴᠢᠶᠡᠯ ᠵᠡᠷᠭᠡ ᠣᠨᠴᠠᠯᠢᠭᠲᠤ ᠰᠢᠨ᠎ᠡ ᠰᠡᠪᠡᠭᠦᠨ ᠠᠭᠤᠯᠭ᠎ᠠ ᠲᠠᠢ ᠪᠡᠶ᠎ᠡ  ᠲᠠᠮᠢᠷ ᠤᠨ ᠬᠢᠴᠢᠶᠡᠯ ᠢ ᠲᠤᠬᠢᠷᠠᠭᠤᠯᠵᠦ᠂᡻ᠡᠳᠦᠷ ᠪᠦᠷᠢ ᠨᠢᠭᠡ ᠲᠠᠮᠢᠷ ᠤᠨ ᠬᠢᠴᠢᠶᠡᠯ᠂ 15 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ᠂ 30 ᠮᠢᠨᠦ᠋ᠲ ᠤᠨ ᠶᠡᠭᠡ ᠬᠢᠴᠢᠶᠡᠯ ᠤᠨ ᠵᠠᠪᠰᠠᠷᠯᠠᠭ᠎ᠠ ᠳᠤ ᠬᠥᠯ ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ  ᠵᠡᠷᠭᠡ ᠲᠠᠮᠢᠷ ᠤᠨ ᠬᠥᠳᠡᠯᠭᠡᠭᠡᠨ ᠠᠴᠠ ᠭᠠᠳᠠᠨ᠎ᠠ ᠪᠠᠰᠠ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠦᠨᠳᠦᠰᠦᠲᠡᠨ ᠤ ᠪᠡᠶ᠎ᠡ ᠲᠠᠮᠢᠷ ᠤᠨ ᠲᠥᠷᠥᠯ ᠵᠦᠢᠯ ᠢ ᠲᠤᠬᠢᠷᠠᠭᠤᠯᠥᠠᠠᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠢᠯᠡ ᠪᠠᠷ ᠤᠷᠢᠨ ᠬᠡᠷᠡᠭᠯᠡᠬᠦ᠂ ᠲᠠᠮᠢᠷᠴᠢᠨ ᠢ ᠣᠷᠣᠭᠤᠯᠤᠨ ᠠᠪᠴᠢᠷᠠᠬᠤ ᠵᠡᠷᠭᠡ ᠬᠡᠯᠪᠡᠷᠢ ᠪᠠᠷ ᠪᠡᠶ᠎ᠡ ᠲᠠᠮᠢᠷ ᠤᠨ ᠪᠠᠭᠰᠢ ᠶᠢᠨ ᠡᠩᠨᠡᠭᠡ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ  ᠲᠠᠮᠢᠷ ᠤᠨ ᠪᠠᠭᠰᠢ ᠶᠢ ᠵᠣᠬᠢᠶᠠᠨ ᠪᠠᠶᠢᠭᠤᠯᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠭᠤᠯᠵᠤ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠣᠯᠣᠯᠲᠠ ᠲᠥᠷᠥᠭᠳᠡᠯ ᠢᠶᠠᠨ ᠬᠠᠷᠢᠯᠴᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠪᠠᠭᠰᠢ ᠶᠢᠨ ᠵᠢᠭᠠᠨ ᠰᠤᠷᠭᠠᠯᠲᠠ ᠶᠢᠨ ᠲᠦᠪᠰᠢᠨ ᠪᠣᠯᠣᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠪᠡᠶ᠎ᠡ  ᠲᠠᠮᠢᠷ ᠤᠨ ᠵᠢᠭᠠᠨ ᠰᠤᠷᠭᠠᠯᠲᠠ ᠳᠤ ᠪᠠᠲᠤᠯᠠᠭ᠎ᠠ ᠬᠠᠨᠭ᠍ᠭᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号