ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ | ᠰᠡᠷᠭᠦᠭᠡᠬᠦ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠪᠠᠶᠢᠨ᠎ᠠ᠃ | ᠪᠠᠶᠠᠨᠬᠤᠸᠠ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ | ᠦᠢᠯᠡᠰ ᠪᠣᠰᠬᠠᠬᠤ ᠬᠦᠷᠢᠶᠡᠯᠡᠩ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠲᠦᠷᠦᠯ ᠵᠦᠢᠯ ᠤᠨ ᠠᠬᠤᠢ ᠲᠠᠯᠠᠪᠠᠢ | ᠳᠤ᠂ ᠠᠵᠢᠯᠴᠢᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠨᠣᠮᠧᠷᠲᠤ ᠦᠢᠯᠡᠳᠪᠦᠷᠢ ᠶᠢᠨ ᠳᠣᠲᠣᠷᠠᠬᠢ | ᠲᠥᠬᠦᠭᠡᠷᠦᠮᠵᠢ ᠶᠢ ᠤᠭᠰᠠᠷᠠᠵᠤ᠂ ᠭᠠᠯ ᠰᠡᠷᠭᠡᠶᠢᠯᠡᠬᠦ ᠪᠣᠳᠠᠰ ᠰᠦᠷᠴᠢᠵᠦ᠂ ᠳᠥᠷᠪᠡᠳᠦᠭᠡᠷ ᠨᠣᠮᠧᠷᠲᠤ | ᠦᠢᠯᠡᠳᠪᠦᠷᠢ ᠶᠢᠨ ᠪᠠᠶᠢᠰᠢᠩ ᠤᠨ ᠭᠤᠣᠯ ᠴᠣᠭᠴᠠ ᠶᠢ ᠨᠢᠭᠡᠨᠲᠡ ᠪᠠᠷᠢᠵᠤ ᠲᠠᠭᠤᠰᠬᠠᠭᠠᠳ᠂ ᠭᠠᠳᠠᠷ ᠬᠡᠷᠡᠮ ᠤᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ ᠪᠠᠶᠢᠨ᠎ᠠ᠃ ᠲᠠᠷᠠᠭ᠎ᠠ ᠠᠯᠬᠤᠮ ᠳᠤ᠂ ᠦᠢᠯᠡᠳᠪᠦᠷᠢ ᠶᠢᠨ ᠳᠣᠲᠣᠷ | ᠬᠠᠪᠲᠠᠰᠤ ᠶᠢ ᠤᠭᠰᠠᠷᠠᠵᠤ᠂ ᠤᠰᠤ ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠪᠠᠶᠢᠭᠤᠯᠵᠤ᠂ 4 ᠰᠠᠷ᠎ᠠ ᠶᠢᠨ | ᠰᠡᠭᠦᠯᠴᠢ ᠪᠠᠷ ᠪᠦᠲᠦᠬᠡᠨ ᠪᠠᠶᠢᠭᠤᠯᠤᠯᠲᠠ ᠶᠢᠨ ᠲᠠᠯ᠎ᠠ ᠪᠠᠷ ᠬᠢ ᠠᠵᠢᠯ ᠢ ᠳᠠᠭᠤᠰᠬᠠᠨ᠂ 5 ᠰᠠᠷ᠎ᠠ ᠶᠢᠨ ᠰᠡᠭᠦᠯᠴᠢ | ᠪᠠᠷ ᠵᠠᠮ ᠵᠡᠷᠭᠡ ᠳᠠᠭᠠᠯᠲᠠ ᠲᠥᠬᠦᠭᠡᠷᠦᠮᠵᠢ ᠶᠢ ᠪᠦᠬᠦᠨ ᠢ ᠪᠠᠶᠢᠭᠤᠯᠵᠤ ᠳᠠᠭᠤᠰᠬᠠᠬᠤ ᠪᠠᠷ ᠪᠣᠢ᠃ | ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠬᠡᠶᠢᠯᠡᠬᠦ ᠳᠡᠭᠡᠨ᠄ ︽ᠲᠣᠭᠲᠠᠭᠰᠠᠨ ᠴᠠᠭ ᠲᠠᠭᠠᠨ ᠠᠵᠢᠯ ᠢᠶᠠᠨ | ᠴᠢᠨᠠᠷ ᠰᠠᠶᠢᠲᠠᠢ ᠳᠠᠭᠤᠰᠬᠠᠬᠤ ᠶᠢ ᠪᠠᠲᠤᠯᠠᠬᠤ ᠶᠢᠨ ᠲᠥᠯᠥᠭᠡ᠂ ᠪᠦᠬᠦᠶᠢᠯᠡ ᠲᠦᠷᠦᠯ ᠵᠦᠢᠯ ᠤᠨ ᠪᠦᠳᠦᠬᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠢ ᠡᠲᠦᠷ ᠪᠦᠷᠢ ᠨᠠᠷᠢᠯᠢᠭᠵᠢᠭᠤᠯᠤᠨ᠂ ᠠᠵᠢᠯ ᠡᠭᠦᠷᠭᠡ ᠪᠠ | ᠬᠠᠷᠢᠭᠤᠴᠠᠯᠭᠠᠳᠠᠨ ᠢ ᠲᠤᠳᠤᠷᠬᠠᠶᠢᠯᠠᠵᠤ᠂ ᠠᠵᠢᠯ ᠤᠨ ᠠᠬᠢᠴᠠ ᠤᠳᠠᠭᠠᠰᠢᠷᠠᠵᠤ ᠪᠠᠶᠢᠭ᠎ᠠ ᠰᠢᠯᠲᠠᠭᠠᠨ ᠢ ᠲᠠᠷᠤᠢ | ᠲᠦᠷᠭᠡᠨ ᠵᠠᠳᠠᠯᠵᠤ᠂ ᠠᠵᠢᠯ ᠢᠶᠠᠨ ᠴᠠᠭ ᠲᠤᠬᠠᠢ ᠳᠤᠨᠢ ᠬᠦᠢᠴᠡᠳᠭᠡᠬᠦ ᠶᠢ ᠪᠠᠲᠤᠯᠠᠵᠤ ᠪᠠᠶᠢᠨ᠎ᠠ︾ ᠭᠡᠯᠡ᠃ | ᠡᠬᠦᠨ ᠤ ᠵᠡᠷᠬᠡ ᠪᠠᠷ᠂ ᠰᠦ᠋ ᠨᠧᠩ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ 2 x 66 ᠲᠦᠮᠡᠨ ᠺᠢᠯᠣᠸᠠᠲ ᠤᠨ | ᠲᠦᠷᠦᠯ ᠵᠦᠢᠯ ᠤᠨ ᠠᠬᠤᠢ ᠲᠠᠯᠠᠪᠠᠢ ᠴᠤ ᠶᠠᠭᠠᠷᠠᠯᠲᠠᠢ ᠠᠵᠢᠯᠯᠠᠵᠤ ᠪᠠᠶᠢᠯ᠎ᠠ᠃ ᠣᠳᠣᠬᠠᠨ ᠪᠤᠯᠲᠠᠯ᠎ᠠ᠂ #1 ᠂ # | 2 ᠭᠤᠣᠯ ᠦᠢᠯᠡᠳᠪᠦᠷᠢ ᠶᠢᠨ ABC ᠡᠩᠨᠡᠭᠡ ᠶᠢᠨ ᠲᠣᠶᠢᠮᠤ ᠲᠥᠰᠥᠪ ᠤᠨ ᠪᠠᠷᠢᠯᠭ᠎ᠠ ᠶᠢᠨ ᠠᠵᠢᠯ ᠳᠠᠭᠤᠰᠴᠤ᠂ | ᠬᠦᠸᠧᠯᠦ ᠪᠤᠯᠤᠨ ᠬᠤᠯᠠᠩ ᠤᠨ ᠬᠠᠨ᠎ᠠ ᠶᠢᠨ 85 ᠳ᠋ᠤᠭᠠᠷ ᠬᠡᠰᠡᠭ ᠢ ᠨᠢᠭᠡᠨᠲᠡ ᠳᠠᠭᠤᠰᠬᠠᠪᠠ᠃ ᠤᠶᠢᠯᠠᠭᠠᠭᠰᠠᠨ ᠢᠶᠠᠷ | ᠂ ᠡᠨᠡ ᠬᠦ ᠲᠥᠷᠥᠯ ᠵᠦᠢᠯ ᠪᠣᠯ ᠵᠢᠶᠠᠩᠰᠦ ᠪᠤᠯᠤᠨ ᠦᠪᠦᠷ ᠮᠤᠩᠭᠤᠯ ᠬᠤᠶᠠᠷ ᠮᠤᠵᠢ ᠶᠢᠨ ᠴᠢᠬᠤᠯᠠ ᠡᠨᠧᠷᠭᠢ ᠶᠢᠨ | ᠬᠠᠮᠲᠤᠷᠠᠯᠴᠠᠭᠠᠨ ᠤ ᠲᠥᠷᠥᠯ ᠵᠦᠢᠯ ᠪᠠᠶᠢᠵᠤ᠂ ︽ᠰᠢᠯᠢ ᠶᠢᠨ ᠭᠤᠣᠯ ᠠᠶᠢᠮᠠᠭ ᠠᠴᠠ ᠳᠠᠶᠢᠵᠸᠦ ᠬᠦᠷᠬᠦ︾ ᠣᠨᠴᠠ | ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠤᠨ ᠴᠠᠬᠢᠯᠭᠠᠨ ᠡᠭᠦᠰᠬᠡᠭᠴᠢ ᠶᠢᠨ ᠴᠡᠭ ᠪᠠᠶᠢᠵᠦ᠂ ︽ᠦᠪᠦᠷ | ᠮᠤᠩᠭᠤᠯ ᠤᠨ ᠴᠠᠬᠢᠯᠭᠠᠨ ᠢ ᠵᠢᠶᠠᠩᠰᠦ ᠳᠤ ᠬᠦᠷᠬᠡᠬᠦ︾ ᠴᠢᠬᠤᠯᠠ ᠡᠬᠦᠷᠭᠡ ᠶᠢ ᠡᠬᠦᠷᠭᠡᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 61.25 ᠳ᠋ᠦᠩᠰᠢᠭᠤᠷ ᠲᠥᠭᠦᠷᠢᠭ ᠲᠤ ᠬᠦᠷᠴᠦ᠂ ᠠᠰᠢᠭᠯᠠᠯᠲᠠ ᠳᠤ ᠣᠷᠣᠭᠰᠠᠨ ᠤ ᠳᠠᠷᠠᠭ᠎ᠠ | ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 66 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠦᠢᠯᠡᠳᠬᠦᠨ ᠤ ᠥᠷᠲᠡᠭ ᠨᠢ ᠪᠠᠷᠤᠭ 20 ᠳ᠋ᠦᠩᠰᠢᠭᠤᠷ ᠲᠥᠭᠦᠷᠢᠭ ᠲᠤ ᠬᠦᠷᠴᠦ᠂ 1000 ᠭᠠᠷᠤᠢ ᠠᠵᠢᠯ ᠤᠨ | ᠪᠠᠶᠢᠷᠢ ᠬᠠᠩᠭᠠᠵᠤ ᠳᠡᠶᠢᠯᠬᠦ ᠪᠣᠯᠣᠨ᠎ᠠ᠃ | ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠲᠤᠰᠬᠠᠢ | ᠠᠩᠭᠢ ᠪᠠᠶᠢᠭᠤᠯᠵᠤ᠂ ᠡᠮᠦᠨ᠎ᠡ ᠹᠷᠣᠨᠲ ᠲᠤ ᠬᠦᠷᠴᠦ ᠠᠵᠢᠯ ᠰᠡᠷᠭᠦᠭᠡᠬᠦ ᠬᠦᠴᠢᠷᠳᠡᠯᠲᠠᠢ ᠠᠰᠠᠭᠤᠳᠠᠯ ᠢ | ᠰᠢᠢᠳᠪᠦᠷᠢᠯᠡᠪᠡ᠃ 2025 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠳᠤ ᠠᠶᠢᠮᠠᠭ ᠤᠨ ᠲᠠᠰ ᠤᠨ 19 | ᠭᠤᠣᠯᠳᠠᠯᠭ᠎ᠠ ᠲᠠᠢ ᠲᠥᠷᠥᠯ ᠵᠦᠢᠯ ᠪᠠᠶᠢᠵᠤ᠂ 69 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠶ᠂ ᠡᠭᠦᠨ ᠳᠤ 9 ᠦᠷᠭᠦᠯᠵᠢᠯᠡᠨ ᠪᠠᠶᠢᠭᠤᠯᠬᠤ ᠪᠠ 10 ᠰᠢᠨ᠎ᠡ ᠪᠠᠷ ᠪᠠᠶᠢᠭᠤᠯᠬᠤ ᠲᠥᠷᠥᠯ ᠵᠦᠢᠯ | ᠪᠠᠭᠲᠠᠵᠤ᠂ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤ ᠴᠠᠬᠢᠯᠭᠠᠨ ᠵᠢᠴᠢ ᠠᠷᠠᠳ ᠤᠨ ᠠᠮᠢᠳᠤᠷᠠᠯ᠂ ᠠᠵᠤ | ᠠᠬᠤᠢ ᠶᠢᠨ ᠬᠦᠷᠢᠶᠡᠯᠡᠩ ᠤᠨ ᠰᠠᠭᠤᠷᠢ ᠪᠦᠳᠦᠬᠡᠨ ᠪᠠᠶᠢᠭᠤᠯᠤᠯᠲᠠ ᠵᠡᠷᠬᠡ ᠣᠯᠠᠨ ᠬᠦᠷᠢᠶ᠎ᠡ ᠬᠡᠪᠴᠢᠶᠡᠨ ᠳᠤ | ᠬᠤᠯᠪᠣᠭᠳᠠᠨ᠎ᠠ᠃ | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠨᠢ ᠲᠥᠷᠥᠯ ᠵᠦᠢᠯ ᠤᠨ ᠲᠥᠯᠦᠪᠵᠢᠭᠦᠯᠭᠡ ᠶᠢᠨ | ᠪᠣᠭᠤᠮᠲᠠ ᠶᠢ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠡᠬᠢ | ᠪᠠᠶᠠᠯᠢᠭ ᠤᠨ ᠬᠡᠷᠡᠭᠴᠡᠭᠡ ᠶᠢ ᠪᠠᠲᠤᠯᠠᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠠᠰᠢᠭᠯᠠᠯᠲᠠ ᠳᠤ | ᠣᠷᠣᠭᠤᠯᠬᠤ ᠨᠣᠷᠮ᠎ᠠ ᠶᠢ ᠳᠡᠭᠡᠭᠰᠢᠯᠡᠭᠦᠯᠬᠦ ᠪᠣᠯᠣᠨ᠎ᠠ᠃ |