ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
    4 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠬᠢᠨᠠᠨ ᠪᠤᠳᠤᠬᠤ ᠵᠥᠪᠯᠡᠯ ᠤᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2024 ᠣᠨ ᠤ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠳ᠋ᠦᠩᠨᠡᠵᠦ᠂ 2025 ᠣᠨ ᠤ ᠬᠢᠨᠠᠨ ᠪᠤᠳᠤᠬᠤ ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠪᠦᠦ ᠯᠢᠨ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤ ᠤᠳᠤᠷᠢᠳᠤᠯᠭ᠎ᠠ ᠶᠣᠣ ᠬᠤᠩ ᠭᠠᠩ᠂ ᠵᠣᠣ ᠭᠦᠸᠧ ᠳ᠋ᠦᠩ᠂ ᠬᠤᠸᠠᠩ ᠯᠢ ᠺᠦᠨ᠂ ᠯᠦ ᠵᠧᠨ ᠰᠢᠨ ᠬᠤᠷᠠᠯ ᠳᠤ ᠣᠷᠣᠯᠴᠠᠵᠠᠢ᠃     ᠪᠦᠦ ᠯᠢᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠬᠦ ᠴᠢᠬᠤᠯᠠ ᠵᠢᠯ ᠪᠣᠯᠣᠨ᠎ᠠ᠂ ᠪᠠᠰᠠ ᠴᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠬᠢᠨᠠᠨ ᠪᠤᠳᠤᠬᠤ ᠠᠵᠢᠯ ᠤᠨ ᠬᠠᠷᠢᠭᠤᠴᠠᠯᠭ᠎ᠠ ᠬᠦᠨᠳᠦ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠬᠢᠨᠠᠨ ᠪᠤᠳᠤᠬᠤ ᠰᠠᠯᠠᠭ᠎ᠠ ᠮᠥᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠨ᠂ ᠬᠠᠷᠠᠯᠲᠠ ᠪᠠᠨ ᠲᠣᠭᠲᠠᠭᠠᠨ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠢᠨᠠᠨ ᠪᠣᠳᠣᠯᠲᠠ ᠪᠠ ᠬᠢᠨᠠᠯᠲᠠ ᠪᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠡᠢ᠃     ᠪᠦᠦ ᠯᠢᠨ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠨᠢᠭᠡᠳᠦᠯᠲᠡᠢ ᠵᠢᠯᠣᠭᠤᠳᠤᠯᠭ᠎ᠠ ᠶᠢ ᠴᠢᠩᠭᠠᠳᠬᠠᠵᠤ᠂ ᠬᠢᠨᠠᠨ ᠪᠣᠳᠣᠯᠲᠠ ᠶᠢᠨ ︽ᠰᠠᠭᠤᠷᠢ ᠴᠢᠯᠠᠭᠤ︾ ᠶᠢ ᠪᠠᠲᠤ ᠴᠣᠭᠴᠠᠯᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠶᠢ ᠬᠢᠨᠠᠨ ᠪᠣᠳᠣᠯᠲᠠ ᠶᠢᠨ ᠠᠵᠢᠯ ᠤᠨ ᠬᠠᠮᠤᠭ ᠤᠨ ᠳᠡᠭᠡᠳᠦ ᠤᠯᠤᠰ ᠲᠦᠷᠦ ᠶᠢᠨ ᠨᠢᠭᠡᠳᠦᠯᠲᠡᠢ ᠵᠢᠯᠣᠭᠤᠳᠤᠯᠭ᠎ᠠ ᠪᠠ ᠬᠠᠮᠤᠭ ᠤᠨ ᠶᠡᠭᠡ ᠤᠯᠤᠰ ᠲᠦᠷᠦ ᠶᠢᠨ ᠶᠣᠰᠣ ᠳᠦᠷᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠢᠨᠠᠨ ᠪᠣᠳᠣᠯᠲᠠ ᠶᠢᠨ ᠠᠵᠢᠯ ᠢ ᠤᠳᠤᠷᠢᠳᠬᠤ ᠪᠠᠶᠢᠭᠤᠯᠤᠮᠵᠢ ᠶᠢᠨ ᠳᠠᠪᠠᠭᠤᠯᠢᠭ ᠢ ᠲᠠᠰᠤᠷᠠᠯᠳᠠ ᠦᠭᠡᠢ ᠪᠠᠳᠠᠷᠠᠭᠤᠯᠵᠤ᠂ ᠬᠢᠨᠠᠨ ᠪᠣᠳᠣᠯᠲᠠ ᠶᠢᠨ ᠪᠠᠶᠢᠭᠤᠯᠤᠯᠭ᠎ᠠ ᠶᠢᠨ ᠤᠯᠤᠰ ᠲᠦᠷᠦ ᠶᠢᠨ ᠰᠢᠨᠵᠢ ᠴᠢᠨᠠᠷ ᠪᠠ ᠤᠯᠤᠰ ᠲᠦᠷᠦ ᠶᠢᠨ ᠴᠢᠳᠠᠪᠬᠢ ᠶᠢ ᠦᠨᠡᠨᠬᠦ ᠴᠢᠩᠭᠠᠳᠬᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠵᠤ᠂ ᠬᠢᠨᠠᠨ ᠪᠣᠳᠣᠯᠲᠠ ᠶᠢᠨ ︽ᠵᠠᠩᠭᠢᠯᠠᠭ᠎ᠠ ᠶᠢᠨ ᠶᠠᠪᠤᠳᠠᠯ︾ ᠢ ᠰᠠᠶᠢᠲᠤᠷ ᠠᠳᠬᠤᠵᠤ᠂ ᠠᠵᠤ ᠠᠬᠤᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠪᠣᠯᠣᠨ ᠠᠰᠠᠭᠤᠳᠠᠯ ᠢ ᠢᠯᠡᠷᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠵᠣᠬᠢᠶᠠᠨ ᠪᠠᠶᠢᠭᠤᠯᠵᠤ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠬᠢᠨᠠᠨ ᠪᠣᠳᠣᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠤᠭᠤᠷᠣᠨᠳᠣᠬᠢ ᠬᠠᠮᠵᠢᠯᠴᠠᠭ᠎ᠠ ᠶᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠪᠣᠯᠣᠨ ᠠᠷᠠᠳ ᠲᠦᠮᠡᠨ ᠳᠤ ᠦᠢᠯᠡᠴᠢᠯᠡᠬᠦ ᠤᠯᠤᠰ ᠲᠦᠷᠦ ᠶᠢᠨ ᠤᠬᠠᠮᠰᠠᠷ ᠪᠣᠯᠣᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂   ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠣᠯᠣᠨ ᠴᠢᠩᠭ᠎ᠠ ᠱᠠᠭᠠᠷᠳᠠᠯᠭ᠎ᠠ ᠪᠠᠷ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠪᠣᠳᠣᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号