4 ᠰᠠᠷ᠎ᠠ ᠶᠢᠨ 16 ᠤ ᠡᠳᠦᠷ᠂ ᠵᠢᠷ ᠤᠨ ᠭᠤᠣᠯ ᠪᠠᠯᠭᠠᠰᠤᠨ ᠤ ︽ᠵᠢᠷ ᠬᠤᠷᠳᠤ︾ ᠭᠠᠯ ᠤᠶᠠᠭᠠᠨ ᠤ | ᠠᠩᠬᠠᠳᠤᠭᠠᠷ ᠤᠳᠠᠭᠠᠨ ᠤ ᠨᠠᠭᠠᠳᠤᠮ ᠬᠥᠷ ᠨᠠᠷᠭᠢᠶᠠᠨ ᠲᠠᠢ ᠶᠠᠪᠤᠭᠳᠠᠯ᠎ᠠ᠃ | ᠲᠤᠰ ᠤᠳᠠᠭᠠᠨ ᠤ ᠨᠠᠭᠠᠳᠣᠮ ᠨᠢ ᠮᠤᠷᠢᠨ ᠤᠷᠣᠯᠳᠣᠭᠠᠨ᠂ ᠰᠢᠯᠢᠳᠡᠭ ᠤᠶᠠᠭᠠᠴᠢ ᠶᠢ ᠱᠠᠩᠨᠠᠨ ᠬᠥᠬᠢᠭᠦᠯᠬᠦ | ᠠᠵᠢᠯᠯᠠᠭ᠎ᠠ᠂ ᠤᠯᠠᠮᠵᠢᠯᠠᠯᠲᠤ ᠭᠠᠷ ᠤᠷᠠᠯᠠᠯ ᠂ ᠨᠣᠭᠲᠣ ᠵᠠᠩᠭᠢᠳᠴᠤ ᠴᠢᠳᠦᠷ ᠮᠣᠰᠬᠢᠬᠤ ᠤᠷᠤᠯᠳᠤᠭᠠᠨ ᠵᠡᠷᠬᠡ | ᠤᠯᠠᠨ ᠠᠭᠤᠯᠭ᠎ᠠ ᠬᠡᠯᠪᠡᠷᠢ ᠶᠢ ᠬᠠᠮᠤᠷᠴᠦ᠂ ᠬᠤᠷᠠᠭᠰᠠᠨ ᠤᠯᠠᠨ ᠢᠶᠠᠨ ᠪᠠᠶᠠᠰᠬᠠᠭᠰᠠᠨ ᠪᠠᠶᠢᠨ᠎ᠠ᠃ | ᠤᠶᠠᠭᠰᠠᠨ ᠡᠵᠡᠨ ᠤᠨᠤᠭᠰᠠᠨ ᠬᠡᠣᠬᠡᠳ ᠤᠨ ᠤᠬᠠᠭᠠᠨ ᠢ ᠰᠢᠯᠭᠠᠵᠣ᠂ ᠤᠳᠣᠮᠲᠤ ᠬᠤᠷᠳᠣᠨ ᠬᠦᠯᠦᠭ ᠤᠨ | ᠰᠢᠨᠳᠠᠰᠣ ᠰᠣᠷᠢᠭᠰᠠᠨ ᠠᠯᠣᠰ ᠤᠨ ᠮᠣᠷᠢᠨ ᠤ ᠤᠷᠤᠯᠳᠤᠭᠠᠨ ᠨᠢ ᠡᠷᠴᠢ ᠬᠦᠴᠦ ᠲᠠᠢ ᠶᠠᠪᠤᠭᠳᠠᠵᠤ᠂ ᠲᠤᠬᠠᠢ ᠶᠢᠨ | ᠲᠠᠯᠠᠪᠠᠢ ᠶᠢᠨ ᠦᠵᠡᠭᠴᠢᠳ ᠣᠯᠠᠨ ᠤ ᠤᠷᠮ᠎ᠠ ᠵᠣᠷᠢᠭ ᠢ ᠭᠦᠭᠵᠢᠬᠡᠭᠰᠡᠨ ᠪᠠᠶᠢᠨ᠎ᠠ᠃ | ᠰᠢᠯᠢᠳᠡᠭ ᠤᠶᠠᠭᠠᠴᠢ ᠶᠢ ᠱᠠᠩᠨᠠᠨ ᠬᠥᠬᠢᠭᠦᠯᠬᠦ ᠶᠤᠰᠣᠯᠠᠯ ᠳᠤ ᠪᠦᠬᠦ ᠪᠠᠯᠭᠠᠰᠤᠨ ᠤ ᠭᠠᠴᠠᠭ᠎ᠠ ᠪᠦᠷᠢ ᠠᠴᠠ 3 | ᠨᠡᠷᠡᠰ ᠰᠢᠯᠢᠳᠡᠭ ᠤᠶᠠᠭᠠᠴᠢ ᠶᠢ ᠰᠣᠩᠭᠤᠨ ᠱᠠᠩᠨᠠᠨ ᠬᠦᠬᠢᠬᠦᠯᠵᠦ᠂ ᠣᠶᠠᠭᠠᠴᠢ ᠬᠦᠮᠦᠨ ᠤ ᠤᠶᠢᠭ᠎ᠠ ᠦᠭᠡᠢ | ᠬᠦᠳᠡᠯᠮᠦᠷᠢ ᠶᠢ ᠨᠢ ᠪᠠᠭ᠋ᠠᠳᠤᠨ ᠰᠠᠶᠢᠰᠢᠶᠠᠵᠤ᠂ ᠠᠳᠣᠭᠤᠨ ᠰᠣᠶᠤᠯ ᠢᠶᠠᠨ ᠣᠯᠠᠮᠵᠢᠯᠠᠨ ᠭᠦᠭᠵᠢᠬᠦᠯᠬᠦ ᠳᠤ | ᠦᠵᠡᠬᠦᠯᠦᠭᠰᠡᠨ ᠬᠤᠪᠢ ᠨᠡᠮᠡᠷᠢ ᠶᠢ ᠨᠢ ᠦᠨᠳᠣᠷ ᠦᠨᠡᠯᠡᠵᠡᠢ᠃ | ᠦᠵᠦᠮᠦᠴᠢᠨ ᠡᠮᠡᠭᠡᠯ ᠰᠢᠯᠭᠠᠷᠠᠭᠤᠯᠬᠤ ᠤᠷᠤᠯᠳᠤᠭᠠᠨ᠂ ᠨᠣᠭᠲᠣ ᠵᠠᠩᠭᠢᠳᠴᠤ ᠴᠢᠳᠦᠷ ᠮᠣᠰᠬᠢᠬᠤ | ᠤᠷᠤᠯᠳᠤᠭᠠᠨ ᠨᠢ ᠣᠯᠠᠮᠵᠢᠯᠠᠯᠲᠤ ᠰᠤᠷ ᠣᠷᠠᠯᠠᠯ ᠤᠨ ᠥᠪᠡᠷᠮᠢᠴᠡ ᠣᠨᠴᠠᠯᠢᠭ ᠢ ᠭᠦᠢᠴᠡᠳ ᠬᠠᠷᠠᠭᠤᠯᠵᠤ᠂ ᠲᠠᠯ᠎ᠠ | ᠨᠤᠲᠤᠭ ᠤᠨ ᠮᠠᠯᠵᠢᠬᠤ ᠠᠮᠢᠳᠤᠷᠠᠯ ᠳᠤᠮᠳᠠᠬᠢ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠠ ᠤᠮᠠᠷᠠᠲᠤ ᠬᠢᠯᠢ | ᠶᠢᠨ ᠰᠣᠶᠣᠯ ᠳᠠᠬᠢ ᠲᠠᠯ᠎ᠠ ᠨᠤᠲᠤᠭ ᠤᠨ ᠨᠡᠭᠦᠳᠡᠯ ᠰᠣᠶᠣᠯ ᠤᠨ ᠥᠪᠡᠷᠮᠢᠴᠡ ᠣᠨᠴᠠᠯᠢᠭ ᠪᠣᠯᠤᠨ ᠬᠢᠵᠠᠭᠠᠯᠠᠰᠢ | ᠦᠭᠡᠢ ᠳᠠᠯᠳᠠ ᠬᠦᠴᠦᠨ ᠢ ᠢᠯᠡᠷᠡᠭᠦᠯᠦᠭᠰᠡᠨ ᠪᠠᠶᠢᠨ᠎ᠠ᠃ | ᠲᠤᠰ ᠣᠳᠠᠭᠠᠨ ᠤ ᠠᠵᠢᠯᠯᠠᠭᠠᠨ ᠤ ᠠᠮᠵᠢᠯᠲᠠ ᠲᠠᠢ ᠶᠠᠪᠤᠭᠳᠠᠭᠰᠠᠨ ᠨᠢ ᠪᠥᠬᠦ ᠪᠠᠯᠭᠠᠰᠣᠨ ᠤ ᠠᠳᠤᠭᠤᠨ | ᠰᠣᠶᠣᠯ ᠤᠨ ᠦᠢᠯᠡᠰ ᠢ ᠤᠯᠠᠮᠵᠢᠯᠠᠨ ᠬᠥᠭᠵᠢᠭᠦᠯᠬᠦ ᠳᠤ ᠠᠬᠢᠭᠤᠯᠬᠤ ᠦᠢᠯᠡᠳᠦᠯ ᠦᠵᠡᠭᠦᠯᠵᠦ᠂ ᠣᠯᠠᠮᠵᠢᠯᠠᠯᠲᠤ | ᠤᠷ᠎ᠠ ᠮᠡᠷᠭᠡᠵᠢᠯ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠣᠮᠠᠷᠠᠲᠤ ᠬᠢᠯᠢ ᠶᠢᠨ ᠰᠣᠶᠤᠯ ᠢ ᠣᠯᠠᠮᠵᠢᠯᠠᠨ | ᠭᠥᠭᠵᠢᠭᠦᠯᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃ |