ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠬᠤᠲᠠ ᠶᠢᠨ ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ | ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠲᠥᠷᠥ ᠶᠢᠨ | ᠪᠣᠳᠣᠯᠭ᠎ᠠ ᠪᠠᠷ ᠤᠷᠮᠠᠰᠢᠭᠤᠯᠬᠤ᠂ ᠵᠠᠰᠠᠭ ᠤᠨ ᠣᠷᠳᠣᠨ ᠤ ᠭᠡᠷ ᠪᠠᠶᠢᠰᠢᠩ ᠤᠨ ᠢᠷᠡᠯᠲᠡ ᠵᠢᠨᠲ᠋ᠠᠪᠴᠠᠩ ᠢ | ᠪᠠᠶᠢᠭᠤᠯᠬᠤ ᠵᠢᠴᠢ ᠠᠷᠠᠳ ᠤᠨ ᠠᠮᠢᠳᠤᠷᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨᠡᠳᠬᠡᠬᠦ ᠵᠡᠷᠭᠡ ᠠᠯᠢ | ᠣᠯᠠᠨ ᠪᠦᠳᠦᠮᠵᠢᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ | ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠬᠦᠴᠦᠲᠡᠢ ᠠᠬᠢᠭᠤᠯᠵᠤ᠂ ᠣᠯᠠᠨ | ᠲᠦᠮᠡᠨ ᠳᠤ ᠬᠤᠲᠠ ᠶᠢᠨ ᠬᠥᠭᠵᠢᠯᠲᠡ ᠶᠢᠨ ᠠᠰᠢᠭ ᠲᠤᠰᠠ ᠶᠢ ᠡᠳ᠋ᠯᠡᠬᠦᠯᠵᠦ ᠪᠠᠶᠢᠨ᠎ᠠ᠃ | 3 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠬᠤᠶᠢᠲᠤ ᠲᠠᠯ᠎ᠠ ᠶᠢᠨ ᠵᠡᠭᠡᠯᠢ ᠶᠢᠨ ᠪᠠᠶᠢᠰᠢᠩ ᠭᠡᠷ ᠤᠨ ᠲᠣᠭᠤᠷᠢᠭ ᠤᠨ ᠬᠠᠭᠤᠴᠢᠨ ᠭᠡᠷ ᠪᠠᠶᠢᠰᠢᠩ ᠢ | ᠨᠤᠷᠠᠭᠠᠬᠤ ᠠᠵᠢᠯ ᠡᠷᠴᠢᠮᠲᠠᠢ ᠶᠠᠪᠤᠭᠳᠠᠵᠦ᠂ ᠬᠤᠳᠠ ᠪᠠᠯᠭᠠᠰᠤᠨ ᠤ ᠰᠢᠨᠡᠴᠢᠯᠡᠯᠲᠡ ᠶᠢᠨ ᠠᠬᠢᠴᠠ ᠶᠢ ᠤᠯᠠᠮ ᠨᠢᠭᠡ | ᠠᠯᠬᠤᠮ ᠲᠦᠷᠭᠡᠳᠭᠡᠯᠡ᠃ ᠡᠨᠡᠬᠦ 1200 ᠲᠡᠭᠰᠢ ᠳᠥᠷᠪᠡᠯᠵᠢᠨ ᠮᠧᠲᠷ ᠣᠷᠴᠢᠮ ᠤᠨ ᠬᠠᠭᠤᠴᠢᠨ ᠭᠡᠷ ᠪᠠᠶᠢᠰᠢᠩ | ᠤᠨ ᠲᠤᠭᠤᠷᠢᠭ ᠪᠣᠯ ᠬᠡᠳᠦᠨ ᠠᠷᠪᠠᠨ ᠵᠢᠯ ᠤᠨ ᠲᠡᠦᠬᠡ ᠲᠠᠢ ᠬᠠᠭᠤᠴᠢᠨ ᠪᠠᠶᠢᠰᠢᠩ ᠪᠣᠯᠣᠨ᠎ᠠ᠂ ᠥᠩᠭᠡᠷᠡᠭᠰᠡᠨ ᠳᠤ | ᠠᠳᠡ 6 ᠡᠷᠦᠬᠡ ᠰᠠᠭᠤᠵᠤ ᠪᠠᠶᠢᠵᠠᠢ᠃ 2016 ︱ 2017 ᠣᠨ ᠳᠤ᠂ ᠬᠤᠲᠠ ᠪᠠᠯᠭᠠᠰᠤᠨ ᠤ ᠬᠥᠭᠵᠢᠯᠲᠡ ᠶᠢ | ᠠᠬᠢᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠷᠣᠨ | ᠪᠦᠰᠡ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠥᠯᠥᠭᠡ᠂ ᠵᠠᠰᠠᠭ ᠤᠨ ᠣᠷᠳᠣᠨ ᠠᠴᠠ ᠨᠤᠷᠠᠭᠠᠵᠤ ᠨᠡᠭᠦᠯᠭᠡᠬᠦ | ᠠᠵᠢᠯ ᠢ ᠡᠬᠢᠯᠡᠭᠦᠯᠪᠡ᠃ ᠠᠵᠢᠯᠲᠠᠳ ᠡᠷᠦᠬᠡ ᠳᠠᠷᠠᠭᠠᠯᠠᠨ ᠬᠤᠲᠠ ᠶᠢᠨ ᠲᠥᠯᠦᠪᠵᠢᠭᠦᠯᠭᠡ᠂ ᠨᠤᠷᠠᠭᠠᠵᠤ ᠨᠡᠭᠦᠯᠭᠡᠬᠦ | ᠲᠥᠷᠥ ᠶᠢᠨ ᠪᠣᠳᠣᠯᠭ᠎ᠠ ᠪᠠ ᠲᠥᠪᠬᠢᠨᠡᠭᠦᠯᠬᠦ ᠨᠥᠬᠦᠪᠦᠷᠢ ᠶᠢᠨ ᠨᠠᠷᠢᠨ ᠵᠦᠢᠯᠡᠰ ᠢ ᠬᠦᠯᠢᠴᠡᠩᠭᠦᠢ ᠪᠠᠷ ᠲᠣᠳᠣᠷᠬᠠᠶᠢᠯᠠᠨ | ᠲᠠᠶᠢᠯᠪᠤᠷᠢᠯᠠᠵᠤ᠂ 3 ᠡᠷᠦᠬᠡ ᠶᠢ ᠠᠮᠵᠢᠯᠲᠠ ᠲᠠᠢ ᠪᠠᠷ ᠨᠡᠭᠦᠯᠭᠡᠨ ᠬᠠᠭᠤᠴᠢᠨ ᠪᠠᠶᠢᠰᠢᠩ ᠢ ᠨᠢ ᠨᠤᠷᠠᠭᠠᠵᠤ᠂ | ᠲᠠᠷᠠᠭᠠᠴᠢ ᠶᠢᠨ ᠪᠦᠲᠦᠭᠡᠨ ᠪᠠᠶᠢᠭᠤᠯᠤᠯᠲᠠ ᠳᠤ ᠵᠠᠮ ᠨᠡᠭᠡᠭᠡᠵᠦ ᠥᠭᠪᠡ᠃ 2022 ᠣᠨ ᠳᠤ᠂ ᠪᠠᠰᠠ 2 ᠡᠷᠦᠬᠡ | ᠭᠦᠨᠵᠡᠭᠡᠢ ᠣᠶᠢᠯᠠᠭᠠᠯᠴᠠᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠡᠭᠦᠵᠦ ᠶᠠᠪᠤᠵᠠᠢ᠃ | ᠣᠳᠣᠬᠠᠨ ᠳᠤ᠂ ᠬᠠᠮᠤᠭ ᠡᠴᠦᠰ ᠤᠨ ᠨᠢᠭᠡ ᠡᠷᠦᠬᠡ ᠶᠢ ᠨᠡᠭᠦᠯᠭᠡᠵᠦ᠂ ᠡᠨᠡᠬᠦ ᠨᠤᠷᠠᠭᠠᠵᠤ ᠨᠡᠭᠦᠯᠭᠡᠬᠦ ᠲᠥᠷᠥᠯ ᠵᠦᠢᠯ | ᠤᠷᠤᠭᠰᠢᠲᠠᠢ ᠪᠠᠷ ᠳᠠᠭᠤᠰᠤᠭᠰᠠᠨ ᠪᠠᠶᠢᠨ᠎ᠠ᠃ | ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠳᠤᠮᠳᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ︽ᠡᠷᠬᠡ ᠲᠡᠭᠰᠢ᠂ ᠢᠯᠡ ᠲᠣᠳᠣ︾ ᠵᠠᠷᠴᠢᠮ ᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ | ᠠᠰᠢᠭ ᠲᠤᠰᠠ ᠶᠢ ᠪᠠᠲᠤᠯᠠᠬᠤ ᠪᠠᠷ ᠦᠨᠳᠦᠰᠦ ᠪᠣᠯᠭᠠᠵᠤ᠂ ᠰᠠᠨᠠᠯ ᠬᠤᠷᠢᠶᠠᠵᠤ᠂ ᠵᠣᠭᠤᠰ ᠢᠶᠠᠷ ᠲᠥᠪᠬᠢᠨᠡᠭᠦᠯᠬᠦ ᠪᠠ | ᠥᠮᠴᠢᠯᠡᠯ ᠤᠨ ᠡᠷᠬᠡ ᠶᠢ ᠰᠣᠯᠢᠬᠤ ᠠᠷᠭ᠎ᠠ ᠮᠠᠶ᠋ᠢᠭ ᠢ ᠵᠡᠷᠭᠡ ᠪᠠᠷ ᠬᠡᠷᠡᠭᠵᠢᠭᠦᠯᠵᠦ᠂ ᠰᠠᠭᠤᠭᠠᠯᠢ ᠠᠷᠠᠳ ᠤᠨ | ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠵᠠᠰᠠᠭ ᠤᠨ ᠣᠷᠳᠣᠨ ᠠᠴᠠ ᠠᠯᠢ ᠤᠯᠠᠨ ᠤᠷᠮᠠᠰᠢᠭᠤᠯᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠷᠠᠭᠠᠵᠤ ᠨᠡᠭᠦᠯᠭᠡᠬᠦ ᠠᠵᠢᠯ ᠤᠨ ᠠᠬᠢᠴᠠ ᠶᠢ ᠲᠦᠷᠭᠡᠳᠭᠡᠭᠰᠡᠨ | ᠪᠠᠶᠢᠨ᠎ᠠ᠃ ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠪᠠᠰᠠ ᠠᠷᠠᠳ ᠤᠨ ᠠᠮᠢᠳᠤᠷᠠᠯ ᠤᠨ ᠢᠵᠢ ᠪᠦᠷᠢᠳᠦᠭᠰᠡᠨ | ᠲᠥᠬᠦᠭᠡᠷᠦᠮᠵᠢ ᠶᠢ ᠲᠠᠰ ᠳᠡᠪᠰᠢᠭᠦᠯᠦᠨ ᠰᠢᠨᠡᠳᠬᠡᠵᠦ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠰᠠᠶᠢᠨ ᠰᠠᠶᠢᠬᠠᠨ ᠠᠮᠢᠳᠤᠷᠠᠯ ᠤᠨ | ᠤᠷᠴᠢᠨ ᠢ ᠪᠣᠶ ᠪᠣᠯᠭᠠᠵᠤ ᠥᠭᠴᠡᠢ᠃ | ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠪᠠᠯᠭᠠᠷᠭᠤᠤᠯ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠡᠶᠡᠴᠢ ᠴᠢᠳᠠᠮᠠᠭᠠᠢ ᠴᠢᠨᠠᠷ ᠢᠶᠠᠨ | ᠭᠦᠢᠴᠡᠳ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠭ᠎ᠠ ᠶᠢᠨ ᠠᠵᠢᠯ ᠢ | ᠥᠷᠨᠢᠭᠦᠯᠵᠦ᠂ ᠰᠠᠭᠤᠭᠠᠯᠢ ᠠᠷᠠᠳ ᠲᠤ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ᠂ | ᠨᠥᠬᠦᠪᠦᠷᠢ ᠶᠢᠨ ᠪᠠᠷᠢᠮᠵᠢᠶ᠎ᠠ ᠵᠢᠴᠢ ᠲᠥᠪᠬᠢᠨᠡᠭᠦᠯᠬᠦ ᠲᠥᠰᠥᠯ ᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠲᠤ | ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠬᠤᠲᠠ ᠶᠢᠨ ᠬᠥᠭᠵᠢᠯᠲᠡ ᠪᠠ ᠲᠣᠰ ᠪᠡᠶ᠎ᠡ ᠶᠢᠨ ᠠᠮᠢᠳᠤᠷᠠᠯ ᠤᠨ | ᠰᠠᠶᠢᠵᠢᠷᠠᠯᠲᠠ ᠳᠤ ᠦᠵᠡᠭᠦᠯᠬᠦ ᠢᠳᠡᠪᠬᠢᠲᠡᠢ ᠨᠥᠯᠥᠭᠡ ᠶᠢ ᠭᠦᠢᠴᠡᠳ ᠲᠠᠨᠢᠭᠤᠯᠥᠠᠠᠰᠠᠨ ᠪᠠᠶᠢᠨ᠎ᠠ᠃ | |