4 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤ ︽ᠦᠯᠢᠭᠡᠷ ᠳᠠᠭᠤᠷᠢᠶᠠᠯ ᠤᠨ ᠬᠦᠴᠦᠨ︾ | ︱ ᠳᠡᠷᠭᠡᠳᠡᠬᠢ ᠲᠠᠭᠤᠷᠢᠶᠠᠯ ᠵᠢᠷᠭᠠᠯ ᠨᠥᠬᠦᠷ ᠠᠴᠠ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠠᠮᠢ ᠨᠠᠰᠤ ᠪᠠᠷ ᠢᠶᠠᠨ | ᠲᠠᠯ᠎ᠠ ᠨᠤᠲᠤᠭ ᠢᠶᠠᠨ ᠬᠠᠮᠠᠭᠠᠯᠠᠭᠰᠠᠨ ᠵᠢᠷᠭᠠᠯ ᠨᠦᠬᠦᠷ ᠢ ᠳᠤᠷᠠᠰᠤᠨ ᠰᠠᠨᠠᠭᠠᠯᠵᠠᠵᠤ᠂ ᠪᠦᠬᠦ ᠬᠤᠰᠢᠭᠤᠨ ᠤ ᠺᠠᠳ᠋ᠷ ᠤᠯᠠᠨ | ᠲᠦᠮᠡᠨ ᠵᠢᠷᠭᠠᠯ ᠨᠦᠬᠦᠷ ᠢᠶᠠᠷ ᠦᠯᠢᠭᠡᠷ ᠳᠠᠭᠤᠷᠢᠶᠠᠯ ᠪᠤᠯᠭᠠᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠬᠦ ᠶᠢ ᠤᠷᠠᠶᠢᠯᠠᠨ ᠲᠠᠶᠢᠴᠢᠯᠠᠪᠠ᠃ ᠬᠤᠰᠢᠭᠤ ᠤᠳᠤᠷᠢᠳᠤᠯᠭ᠎ᠠ ᠪᠦᠦ ᠯᠢᠨ᠂ ᠬᠠᠢ ᠱᠠᠨ᠂ ᠯᠢ ᠰᠢᠤᠸᠠᠢ | ᠶᠢᠩ᠂ ᠶᠢᠨ ᠢᠦᠢ ᠪᠦᠦ ᠵᠢᠴᠢ ᠵᠢᠷᠭᠠᠯ ᠤᠨ ᠲᠥᠷᠥᠯ ᠰᠠᠳᠤᠨ᠂ ᠡᠯ᠎ᠡ ᠰᠤᠮᠤ ᠪᠠᠯᠭᠠᠰᠤ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ | ᠨᠡᠶᠢᠲᠡ 300 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠳᠤ ᠤᠬᠠᠭᠤᠯᠤᠨ ᠲᠠᠶᠢᠯᠪᠤᠷᠢᠯᠠᠭᠴᠢ ᠠᠴᠠ ︽ᠠᠷᠢᠭᠤᠨ ᠠᠮᠢ ᠪᠠᠷ ᠢᠶᠠᠨ ᠲᠠᠯ᠎ᠠ ᠨᠤᠲᠤᠭ ᠢᠶᠠᠨ ᠰᠠᠬᠢᠨ | ᠬᠠᠮᠠᠭᠠᠯᠠᠭᠰᠠᠨ ᠪᠠᠭᠠᠲᠤᠷ ︱ ᠵᠢᠷᠭᠠᠯ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠯᠳᠠ ᠬᠢᠵᠦ᠂ ᠵᠢᠷᠭᠠᠯ ᠨᠥᠬᠦᠷ ᠤᠨ | ᠠᠮᠢᠳᠤ ᠰᠡᠷᠡᠭᠦᠨ ᠪᠠᠶᠢᠬᠤ ᠳᠠᠭᠠᠨ ᠦᠨᠳᠦᠰᠦᠨ ᠱᠠᠲᠤᠨ ᠤ ᠠᠷᠠᠳ ᠲᠦᠮᠠᠨ ᠤ ᠲᠥᠯᠥᠭᠡ ᠵᠢᠳᠬᠦᠭᠰᠡᠨ ᠰᠡᠳᠬᠢᠯ | ᠬᠥᠳᠡᠯᠭᠡᠮ᠎ᠡ ᠦᠢᠯᠡ ᠠᠵᠢᠯᠯᠠᠭ᠎ᠠ ᠶᠢ ᠲᠠᠯᠬᠡᠨ ᠦᠵᠡᠬᠦᠯᠦᠨ᠂ ᠲᠠᠭᠦᠨ ᠤ ᠨᠠᠰᠣᠨ ᠲᠤᠷᠰᠢ ᠶᠢᠨ ᠮᠠᠯᠴᠢᠨ ᠲᠦᠮᠠᠨ ᠢᠶᠠᠨ | ᠬᠡᠰᠡᠨ ᠬᠠᠶᠢᠷ᠎ᠠ ᠰᠡᠳᠬᠢᠯᠭᠡ ᠶᠢ ᠪᠢᠴᠢᠭᠯᠡᠵᠦ᠂ ᠲᠤᠬᠠᠢ ᠶᠢᠨ ᠲᠠᠯᠠᠪᠠᠢ ᠶᠢᠨ ᠬᠦᠮᠦᠰ ᠵᠢᠷᠭᠠᠯ ᠨᠦᠬᠦᠷ ᠢ ᠲᠤᠷᠠᠰᠤᠨ | ᠰᠠᠨᠠᠭᠠᠯᠵᠠᠭᠰᠠᠨ ᠪᠠᠶᠢᠨ᠎ᠠ᠃ | ᠠᠵᠢᠯᠯᠠᠭ᠎ᠠ ᠳᠤ᠂ ︽ᠵᠢᠷᠭᠠᠯ ᠤᠨ ᠨᠡᠶᠢᠲᠡ ᠶᠢᠨ ᠠᠰᠠᠷᠠᠮᠵᠢ ᠶᠢᠨ ᠲᠡᠳᠬᠦᠮᠵᠢ ᠶᠢᠨ ᠮᠦᠩᠭᠦ︾ ᠶᠢᠨ ᠬᠠᠨᠳᠢᠪ ᠤᠨ | ᠰᠠᠨᠠᠭᠠᠴᠢᠯᠠᠭ᠎ᠠ ᠭᠠᠷᠭᠠᠵᠦ᠂ ᠵᠢᠷᠭᠠᠯ ᠨᠦᠬᠦᠷ ᠤᠨ ︽ᠣᠯᠠᠨ ᠲᠦᠮᠡᠨ ᠤ ᠲᠥᠯᠥᠭᠡ ᠭᠡᠬᠦ︾ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠵᠤ᠂ ᠬᠦᠨᠳᠦ ᠡᠪᠡᠳᠴᠢᠲᠡᠨ᠂ ᠭᠠᠮᠰᠢᠭᠳᠠᠭᠰᠠᠨ ᠣᠯᠠᠨ ᠲᠦᠮᠡᠨ ᠵᠡᠷᠭᠡ ᠬᠦᠴᠢᠷᠳᠡᠯ ᠲᠠᠢ ᠤᠯᠠᠨ ᠲᠦᠮᠠᠨ ᠳᠤ | ᠬᠠᠪᠰᠣᠷᠣᠯᠭ᠎ᠠ ᠲᠠᠮᠵᠢᠯᠬᠡ ᠪᠤᠯᠭᠠᠬᠤ ᠶᠢ ᠤᠷᠠᠶᠢᠯᠠᠨ ᠲᠠᠶᠢᠴᠢᠯᠠᠭᠰᠠᠨ ᠪᠠᠶᠢᠨ᠎ᠠ᠃ | ᠲᠤᠬᠠᠢ ᠶᠢᠨ ᠲᠠᠯᠠᠪᠤᠷ ᠲᠤ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠴᠠ ᠭᠤᠷᠤᠬᠠᠨ ᠪᠠᠯᠭᠠᠰᠤ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ | ᠬᠢᠵᠠᠭᠠᠷᠲᠤ ᠺᠣᠮᠫᠠᠨᠢ ᠵᠡᠷᠭᠡ 6 ᠵᠣᠭᠤᠰ ᠬᠠᠨᠳᠢᠪᠯᠡᠭ᠌ᠰᠠᠨ ᠨᠢᠭᠡᠴᠡ ᠶᠢᠨ ᠲᠥᠯᠥᠭᠡᠯᠡᠭᠴᠢ ᠳᠤ ᠲᠠᠯᠠᠷᠬᠠᠯ ᠤᠨ ᠪᠢᠴᠢᠭ | ᠭᠠᠷᠳᠠᠭᠤᠯᠤᠨ᠂ ᠬᠦᠴᠢᠷᠳᠡᠯ ᠲᠠᠢ ᠭᠡᠷ ᠪᠦᠯᠢ ᠶᠢᠨ 6 ᠲᠥᠯᠥᠭᠡᠯᠡᠭᠴᠢ ᠳᠤ ᠬᠥᠮᠥᠨ ᠪᠦᠷᠢ ᠳᠤ 5000 ᠲᠥᠭᠦᠷᠢᠭ ᠤᠨ | ᠲᠡᠳᠬᠦᠮᠵᠢ ᠶᠢᠨ ᠮᠥᠩᠭᠦ ᠣᠯᠭᠤᠪᠠ ᠃ |