ᠪᠠᠷᠠᠭᠤᠨ ᠦᠵᠦᠮᠦᠴᠢᠨ ᠬᠤᠰᠢᠭᠤ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2025/4/25
                                                                                                       ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠬᠢᠵᠢᠭᠦᠯᠬᠦ ᠶᠢᠨ ᠲᠣᠰᠠᠳᠠ᠂ ᠪᠠᠷᠠᠭᠤᠨ ᠦᠵᠦᠮᠦᠴᠢᠨ ᠬᠤᠰᠢᠭᠤ ︽ᠦᠵᠡᠯ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠭᠤᠷᠪᠠᠨ ᠭᠤᠣᠯᠳᠠᠯᠭ᠎ᠠ ᠶᠢᠨ ᠲᠣᠭᠤᠷᠢᠨ ᠳᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠦᠴᠦᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ᠤᠬᠠᠭᠤᠯᠭ᠎ᠠ ᠶᠢ ᠴᠢᠩᠭᠠᠳᠬᠠᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠡᠮᠵᠢᠨ᠂ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ ᠪᠤᠢ᠃     ᠵᠢᠷ ᠤᠨ ᠭᠤᠣᠯ ᠪᠠᠯᠭᠠᠰᠤᠨ ᠤ ᠭᠤᠷᠪᠠᠨᠪᠤᠯᠠᠭ ᠭᠠᠴᠠᠭᠠᠨ ᠤ ᠮᠠᠯᠴᠢᠨ ᠴᠡᠩᠭᠡᠯᠲᠦ ᠶᠢᠨ ᠬᠢ ᠦᠩᠭᠡᠷᠡᠭᠰᠡᠨ ᠡᠪᠦᠯ 100 ᠭᠠᠷᠤᠢ ᠲᠣᠨ ᠡᠪᠡᠰᠦ ᠪᠣᠷᠳᠤᠭ᠎ᠠ ᠨᠥᠭᠡᠴᠡᠯᠡᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ 15 ᠲᠣᠨ ᠡᠪᠡᠰᠦ ᠪᠤᠷᠳᠤᠭ᠎ᠠ ᠬᠡᠷᠡᠭᠰᠡᠬᠦ ᠪᠠᠷ ᠲᠥᠯᠦᠪᠯᠡᠨ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠲᠥᠯ ᠮᠠᠯ ᠤᠨ ᠤᠨᠳᠤᠷᠤᠯᠲᠠ ᠶᠢ ᠪᠠᠲᠤᠯᠠᠬᠤ ᠶᠢᠨ ᠵᠡᠷᠭᠡ ᠨᠤᠲᠤᠭ ᠪᠡᠯᠴᠢᠭᠡᠷ ᠤᠨ ᠰᠡᠷᠭᠦᠭᠡᠯᠲᠡ ᠶᠢ ᠪᠠᠲᠤᠯᠠᠵᠤ ᠴᠢᠳᠠᠭᠰᠠᠨ ᠪᠠᠶᠢᠨ᠎ᠠ  ᠃     ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠬᠠᠮᠢᠶ᠎ᠠ ᠪᠦᠬᠦᠢ ᠲᠥᠷᠦ ᠶᠢᠨ ᠪᠤᠳᠣᠯᠭ᠎ᠠ ᠶᠢᠨ ᠣᠬᠠᠭᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠶᠢ ᠵᠡᠷᠭᠡᠪᠡᠷ ᠠᠳᠬᠤᠵᠤ᠂ ᠵᠠᠰᠠᠭ ᠤᠨ ᠣᠷᠳᠣᠨ ᠤ ᠠᠯᠪᠠᠨ‌‍ᠰᠦ᠋ᠯᠵᠢᠶ᠎ᠡ᠂ ᠸᠢᠴᠠᠲ ᠤᠨ ᠨᠡᠶᠢᠲᠡ ᠶᠢᠨ ᠳᠠᠪᠴᠠᠩ ᠢᠶᠠᠷ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠯᠪᠠᠨ ᠵᠠᠷᠯᠠᠯ ᠢ ᠨᠡᠶᠢᠲᠡᠯᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠣᠵᠤ᠂ ᠡᠯ᠎ᠡ ᠱᠠᠲᠤᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠥᠷᠭᠡᠨ ᠢᠶᠠᠷ ᠨᠡᠶᠢᠲᠡᠯᠡᠨ ᠳᠠᠮᠵᠢᠭᠤᠯᠵᠤ ᠂ ᠲᠥᠷᠥ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠡᠢ᠃ ᠰᠦᠯᠵᠢᠶᠡᠨ ᠠᠴᠠ ᠭᠠᠳᠠᠨ᠎ᠠ᠂ ᠡᠯ᠎ᠡ ᠰᠤᠮᠤ ᠪᠠᠯᠭᠠᠰᠤ᠂ ᠭᠠᠴᠠᠭ᠎ᠠ ᠱᠠᠲᠤ ᠨᠢ ᠠᠵᠢᠯᠲᠠᠳ ᠢ ᠵᠣᠬᠢᠶᠠᠨ ᠪᠠᠶᠢᠭᠤᠯᠤᠨ ᠣᠬᠠᠭᠤᠯᠤᠨ ᠲᠠᠶᠢᠯᠪᠤᠷᠢᠯᠠᠯᠲᠠ ᠬᠢᠵᠦ ᠂ ᠪᠡᠯᠴᠢᠭᠡᠷ ᠰᠡᠷᠭᠦᠭᠡᠬᠦ ᠠᠴᠢ ᠬᠤᠯᠪᠣᠭᠳᠠᠯ᠂ ᠬᠡᠷᠡᠭᠵᠢᠭᠦᠯᠬᠦ ᠬᠡᠪᠴᠢᠶ᠎ᠡ᠂ ᠴᠠᠭ ᠬᠤᠭᠤᠴᠠᠭ᠎ᠠ ᠵᠢᠴᠢ ᠨᠥᠬᠦᠪᠦᠷᠢ ᠥᠭᠬᠦ ᠠᠷᠭ᠎ᠠ ᠶᠢ ᠨᠠᠷᠢᠨ ᠨᠢᠮᠪᠠᠢ ᠲᠠᠶᠢᠯᠪᠤᠷᠢᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ      ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨᠬᠦ ᠪᠠᠲᠤᠯᠠᠪᠠ᠃     ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ︽ᠰᠤᠮᠤ ᠪᠠᠯᠭᠠᠰᠤ ︱ ᠭᠠᠴᠠᠭ᠎ᠠ ︱ ᠮᠠᠯᠵᠢᠬᠤ ᠡᠷᠦᠬᠡ︾ ᠭᠡᠬᠦ ᠭᠤᠷᠪᠠᠨ ᠱᠠᠲᠤ ᠪᠠᠷ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ  ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠭᠠᠴᠠᠭᠠᠨ ᠤ ᠠᠷᠠᠳ ᠤᠨ ᠵᠥᠪᠯᠡᠯ ᠲᠠᠢ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠭᠡᠷ᠎ᠡ ᠲᠤᠭᠲᠠᠵᠤ᠂ ᠬᠤᠶᠠᠷ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠭᠠᠴᠠᠭᠠᠨ ᠵᠥᠪᠯᠡᠯ ᠨᠢ ᠳᠠᠬᠢᠭᠠᠳ ᠮᠠᠯᠵᠢᠬᠤ ᠡᠷᠦᠬᠡ  ᠪᠦᠷᠢ ᠲᠠᠢ ᠬᠠᠷᠢᠭᠤᠴᠠᠯᠭ᠎ᠠ ᠶᠢᠨ ᠭᠡᠷ᠎ᠡ ᠲᠣᠭᠲᠠᠵᠤ᠂ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢ  ᠡᠷᠦᠬᠡ ᠳᠤ ᠬᠦᠷᠲᠡᠯ᠎ᠡ ᠨᠠᠷᠢᠯᠢᠭᠵᠢᠭᠤᠯᠵᠤ᠂ ︽ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠴᠢᠩᠭ᠎ᠠ ᠬᠠᠷᠢᠭᠤᠴᠠᠯᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠣᠭᠤᠷᠢᠨ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠮᠠᠯᠵᠢᠬᠤ ᠡᠷᠦᠬᠡ ᠳᠤ ᠭᠦᠨᠵᠡᠭᠡᠶᠢᠷᠡᠨ ᠪᠡᠯᠴᠢᠭᠡᠷ ᠰᠡᠷᠭᠦᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠠᠩᠬᠠᠷᠬᠤ ᠵᠦᠢᠯᠡᠰ ᠢ ᠮᠡᠳᠡᠭᠳᠡᠵᠦ᠂ ᠥᠷᠭᠡᠨ ᠣᠯᠠᠨ  ᠮᠠᠯᠴᠢᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠮᠠᠯᠵᠢᠬᠤ ᠡᠷᠦᠬᠡ ᠶᠢᠨ ᠬᠠᠰᠢᠶᠠᠯᠠᠬᠤ ᠲᠠᠯᠠᠪᠠᠢ  ᠨᠢ ᠵᠢᠷᠤᠮᠵᠢᠯ ᠲᠠᠢ ᠡᠰᠡᠬᠦ᠂ ᠫᠠᠶᠢᠰᠠ ᠢᠯᠡᠷᠬᠡᠶᠢᠯᠡᠯ ᠤᠨ ᠣᠷᠣᠨ ᠪᠠᠶᠢᠷᠢ ᠨᠢ ᠢᠯᠡ ᠲᠣᠳᠣ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠡᠪᠡᠰᠦ ᠪᠤᠷᠳᠤᠭᠠᠨ ᠤ ᠨᠦᠭᠡᠴᠡᠯᠡᠯᠲᠡ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠪᠤᠶᠢᠳᠠ ᠪᠥᠭᠯᠡᠭᠦᠦ ᠮᠠᠯᠵᠢᠬᠤ ᠤᠷᠤᠨ ᠢ ᠭᠤᠣᠯᠳᠠᠯᠭ᠎ᠠ ᠲᠠᠢ ᠬᠢᠨᠠᠨ ᠡᠵᠡᠮᠳᠡᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠭᠰᠠᠨ ᠠᠵᠢᠯᠯᠠᠭ᠎ᠠ ᠶᠢ ᠢᠯᠡᠷᠡᠭᠦᠯᠪᠡᠯ᠂ ᠬᠠᠮᠢᠶ᠎ᠠ ᠪᠦᠬᠦᠢ ᠬᠠᠤᠯᠢ ᠲᠣᠭᠲᠠᠭᠠᠯ ᠢ ᠦᠨᠳᠦᠰᠦᠯᠡᠨ ᠪᠠᠶᠢᠴᠠᠭᠠᠨ ᠰᠢᠢᠳᠪᠦᠷᠢᠯᠡᠵᠦ᠂ ᠬᠠᠪᠤᠷ ᠤᠨ ᠤᠯᠠᠷᠢᠯ  ᠤᠨ ᠪᠡᠯᠴᠢᠭᠡᠷ ᠰᠡᠷᠭᠦᠭᠡᠬᠦ ᠠᠵᠢᠯ  ᠤᠨ ᠬᠢᠨᠠᠯᠲᠠ ᠬᠠᠮᠢᠶᠠᠷᠣᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠡᠮᠬᠢ ᠵᠢᠷᠤᠮ ᠲᠠᠢ  ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ  ᠲᠤᠪᠴᠢᠶᠠᠨ ᠤ ᠳᠡᠳ᠋ ᠳᠠᠷᠤᠭ᠎ᠠ ᠮᠡᠨᠳᠦ᠄ ︽ᠮᠠᠨ ᠤ ᠬᠤᠰᠢᠭᠤ ᠨᠢ 2024 ᠣᠨ ᠤ ᠨᠠᠮᠤᠷ ᠤᠨ ᠡᠪᠡᠰᠦ ᠬᠠᠳᠣᠯᠠᠩ ᠤᠨ ᠴᠠᠭ ᠠᠴᠠ ᠡᠬᠢᠯᠡᠨ ᠡᠷᠥᠬᠡ ᠳᠤ ᠤᠷᠤᠵᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠬᠠᠮᠢᠶᠠᠲᠠᠢ ᠣᠬᠠᠭᠤᠯᠭ᠎ᠠ ᠬᠢᠵᠦ᠂ ᠭᠤᠣᠯᠳᠠᠭᠤ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠡᠷᠡᠭᠰᠡᠬᠦ ᠡᠪᠡᠰᠦ ᠪᠤᠷᠳᠤᠭᠤᠷ ᠢ ᠭᠦᠢᠴᠡᠳ ᠪᠡᠯᠡᠳᠭᠡᠬᠦ ᠶᠢ ᠰᠠᠨᠠᠭᠤᠯᠤᠭᠰᠠᠨ ᠪᠠᠶᠢᠨ᠎ᠠ  ᠃ ᠮᠠᠨ ᠤ ᠲᠤᠪᠴᠢᠶᠠᠨ ᠠᠴᠠ ᠲᠤᠰᠬᠠᠢ ᠲᠤᠭᠤᠷᠢᠨ ᠪᠠᠶᠢᠴᠠᠭᠠᠬᠤ ᠠᠩᠭᠢ ᠪᠠᠶᠢᠭᠤᠯᠵᠤ᠂ ᠵᠢᠷᠭᠤᠭᠠᠨ ᠰᠤᠮᠤ ᠪᠠᠯᠭᠠᠰᠣᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠪᠡᠯᠴᠢᠭᠡᠷ ᠰᠡᠷᠭᠦᠭᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ᠃ ᠤᠳᠤᠬᠠᠨ ᠤ ᠪᠠᠶᠢᠳᠠᠯ ᠠᠴᠠ ᠦᠵᠡᠪᠡᠯ᠂ ᠪᠡᠯᠴᠢᠭᠡᠷ ᠰᠡᠷᠭᠦᠭᠡᠬᠦ ᠠᠵᠢᠯ ᠨᠢ ᠮᠠᠰᠢ ᠤᠷᠤᠭᠰᠢᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号