ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2025/4/25
ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠳᠦᠮᠡᠨ ᠨᠠᠶᠢᠵᠠ ᠨᠠᠷ ᠡ  ᠄     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠭᠡ ᠵᠢᠯ ᠤᠨ ᠬᠤᠭᠤᠴᠠᠭ᠎ᠠ ᠲᠠᠢ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠨᠢᠬᠦᠯᠬᠦ ᠪᠠᠷ  ᠪᠤᠯᠪᠠ᠃ ᠣᠶ ᠰᠢᠭᠤᠢ ᠨᠤᠲᠤᠭ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠳᠦᠯᠦᠭᠡ᠂ ᠡᠳᠦᠭᠡ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ ᠤ ᠬᠠᠶᠢᠷᠴᠠᠭ ᠢ ᠵᠠᠷᠯᠠᠶ᠎ᠠ᠄     ᠨᠢᠭᠡ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ     ︵ᠨᠢᠭᠡ︶ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ︵ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠪᠠᠭᠲᠠᠨ᠎ᠠ︶ ᠳᠤ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃ ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠳᠤ ᠮᠠᠨ ᠤ ᠬᠤᠰᠢᠭᠤᠨ ᠤ ᠨᠡᠶᠢᠲᠡᠯᠡᠭᠰᠡᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠴᠢᠩᠭ᠎ᠠ ᠵᠢᠷᠤᠮᠯᠠᠨ ᠪᠡᠯᠴᠢᠭᠡᠷᠯᠡᠭᠦᠯᠵᠦ᠂  ᠪᠡᠯᠴᠢᠭᠡᠷ ᠤᠨ ᠳᠠᠭᠠᠭᠠᠴᠠ   ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃     ︵ᠬᠤᠶᠠᠷ︶ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠠᠰᠢᠭᠯᠠᠬᠤ ᠶᠢ ᠴᠠᠭᠠᠵᠠᠯᠠᠵᠦ᠂ ᠨᠤᠲᠤᠭ ᠪᠡᠯᠴᠢᠭᠡᠷ ᠳᠡᠭᠡᠷ᠎ᠡ ᠠᠴᠠ ᠰᠢᠷᠣᠢ ᠮᠠᠯᠲᠠᠬᠤ᠂ ᠬᠠᠶᠢᠷ ᠴᠢᠯᠠᠭᠤ ᠮᠠᠯᠲᠠᠬᠤ ᠵᠡᠷᠭᠡ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠲᠤᠭ᠎ᠠ ᠬᠡᠮᠵᠢᠶ᠎ᠡ ᠨᠢ 20 ᠮᠦ ᠠᠴᠠ ᠳᠡᠭᠡᠭᠰᠢ ᠪᠠᠶᠢᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠭᠤᠷᠪᠠ︶ ᠶᠠᠮᠠᠷᠪᠠ ᠬᠡᠯᠪᠡᠷᠢ ᠪᠠᠷ ᠳᠤᠷ᠎ᠠ ᠪᠠᠷ ᠢᠶᠠᠨ ᠤᠢ ᠮᠣᠳ᠋᠊᠂ ᠤ ᠶᠢ ᠣᠭᠲᠣᠯᠬᠤ᠂ ᠤᠢ ᠰᠢᠭᠤᠶᠢᠲᠤ ᠭᠠᠵᠠᠷ ᠢ ᠬᠠᠭᠠᠯᠪᠤᠷᠢᠯᠠᠬᠤ᠂ ᠤᠢ ᠰᠢᠭᠤᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ︽ᠨᠡᠶᠢᠲᠡ ᠶᠢᠨ ᠠᠰᠠᠷᠠᠮᠵᠢ ᠶᠢᠨ ᠤᠢ ᠰᠢᠭᠤᠶᠢᠲᠤ ᠭᠠᠵᠠᠷ ᠢ 5 ᠮᠦ ᠠᠴᠠ ᠳᠡᠭᠡᠭᠰᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ︾᠂ ︽ᠲᠠᠸᠠᠷ ᠤᠨ ᠤᠢ ᠰᠢᠭᠤᠶᠢᠲᠤ ᠭᠠᠵᠠᠷ ᠢ 10 ᠮᠦ ᠠᠴᠠ ᠳᠡᠭᠡᠭᠰᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ︾ ᠵᠡᠷᠭᠡ ᠪᠠᠶᠢᠳᠠᠯ ᠲᠠᠢ ᠪᠣᠯ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠤᠢ ᠰᠢᠭᠤᠶᠢᠲᠤ ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠢᠶᠠᠷ ᠦᠨᠡᠯᠡᠨ ᠲᠣᠭᠲᠠᠭᠠᠵᠦ᠂  ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠳᠦᠷᠪᠡ︶ ᠶᠠᠮᠠᠷᠪᠠ ᠬᠡᠯᠪᠡᠷᠢ ᠪᠠᠷ ᠠᠲᠠᠷ ᠬᠠᠭᠠᠯᠪᠤᠷᠢᠯᠠᠬᠤ᠂ ᠳᠤᠷ᠎ᠠ ᠪᠠᠷ ᠢᠶᠠᠨ ᠬᠠᠶᠢᠷ ᠴᠢᠯᠠᠭᠤ ᠮᠠᠯᠲᠠᠬᠤ᠂ ᠠᠭᠤᠷᠬᠠᠢ ᠮᠠᠯᠲᠠᠬᠤ᠂ ᠰᠢᠷᠣᠢ ᠠᠪᠬᠤ ᠶᠢ ᠴᠢᠩᠭ᠎ᠠ ᠴᠠᠭᠠᠵᠠᠯᠠᠨ᠎ᠠ᠃ ᠪᠡᠯᠴᠢᠭᠡᠷ ᠤᠨ ᠳᠠᠭᠠᠭᠠᠴᠠ ᠠᠴᠠ ᠬᠡᠳᠦᠷᠡᠬᠦᠯᠦᠨ ᠮᠠᠯᠵᠢᠬᠤ᠂  ᠬᠠᠶᠠᠭᠳᠠᠮᠠᠯ ᠤᠰᠤ ᠭᠠᠳᠠᠭᠰᠢᠯᠠᠭᠤᠯᠬᠤ ᠵᠡᠷᠭᠡ ᠨᠤᠭᠤ ᠭᠠᠵᠠᠷ ᠵᠢᠴᠢ ᠠᠮᠢ ᠠᠬᠤᠢ ᠶᠢᠨ ᠴᠢᠳᠠᠮᠵᠢ ᠶᠢ ᠡᠪᠳᠡᠭᠰᠡᠨ ᠦᠶᠯᠡ ᠠᠵᠢᠯᠯᠠᠭ᠎ᠠ ᠶᠢ ᠪᠠᠭᠲᠠᠭᠠᠨ᠎ᠠ᠃     ᠬᠤᠶᠠᠷ᠂ ᠢᠯᠡᠴᠢᠯᠡᠨ ᠵᠠᠭᠠᠯᠳᠤᠬᠤ ᠠᠷᠭ᠎ᠠ ᠵᠠᠮ     ︵ᠨᠢᠭᠡ︶ ᠢᠯᠡᠴᠢᠯᠡᠨ ᠮᠡᠳᠡᠭᠦᠯᠬᠦ ᠤᠲᠠᠰᠤ᠄ 0479 ︱ 3918569 ︵ᠠᠵᠢᠯᠯᠠᠬᠤ ᠡᠳᠦᠷ ᠢᠯᠡᠴᠢᠯᠡᠨ ᠮᠡᠳᠡᠬᠦᠯᠦᠨ᠎ᠡ᠃ 2025 ᠣᠨ ᠤ 12 ᠰᠠᠷ᠎ᠠ ᠶᠢᠨ 31 ᠤ ᠡᠳᠦᠷ ᠳᠠᠭᠤᠰᠤᠨ᠎ᠠ︶᠃     ︵ᠬᠤᠶᠠᠷ︶ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ xwqlcj@126.com     ︵ᠭᠤᠷᠪᠠ︶ ᠢᠯᠡᠴᠢᠯᠡᠨ ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠬᠤ ︵ᠵᠠᠬᠢᠳᠠᠯ︶ ᠬᠠᠶ᠋ᠢᠭ᠄ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠢᠭᠡᠳᠦᠭᠡᠷ ᠳᠠᠪᠬᠤᠷᠭ᠎ᠠ     ᠥᠷᠭᠡᠨ ᠤᠯᠠᠨ ᠠᠷᠠᠳ ᠲᠦᠮᠡᠨ ᠤ ᠢᠳᠡᠪᠬᠢᠳᠡᠢ ᠪᠠᠷ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢᠨ ᠬᠠᠮᠲᠤ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠵᠤ᠂ ᠬᠤᠯᠪᠣᠭᠳᠠᠯ ᠪᠦᠬᠦᠢ ᠠᠰᠠᠭᠤᠳᠠᠯ ᠤᠨ ᠪᠣᠳᠠᠲᠠᠢ ᠦᠢᠯᠡ ᠪᠠᠶᠢᠳᠠᠯ ᠪᠠ ᠭᠡᠷᠡᠴᠢ ᠪᠠᠷᠢᠮᠲᠠ ᠶᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃ ᠵᠢᠱᠢᠶᠡᠯᠡᠪᠡᠯ ᠡᠭᠦᠰᠦᠭᠰᠡᠨ ᠴᠠᠭ᠂ ᠭᠠᠵᠠᠷ᠂ ᠬᠤᠯᠪᠣᠭᠳᠠᠭᠰᠠᠨ ᠨᠢᠭᠡᠴᠡ ᠶᠢᠨ ᠬᠤᠪᠢ ᠬᠥᠮᠥᠨ᠂ ᠪᠠᠶᠢᠳᠠᠯ ᠢ ᠮᠡᠳᠡᠬᠦ ᠬᠥᠮᠥᠨ ᠵᠢᠴᠢ ᠪᠣᠳᠠᠰ ᠤᠨ ᠭᠡᠷᠡᠴᠢ ᠵᠡᠷᠭᠡ ᠶᠢ ᠠᠯᠢ ᠴᠢᠳᠠᠬᠤ ᠪᠠᠷ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠪᠣᠳᠠᠲᠤ ᠶᠠᠪᠤᠳᠠᠯ ᠢ ᠶᠡᠬᠡᠰᠬᠡᠬᠦ ᠪᠤᠶᠤ ᠭᠠᠵᠢᠭᠤᠳᠠᠭᠤᠯᠵᠤ ᠪᠣᠯᠬᠤ ᠦᠭᠡᠢ᠂ ᠬᠤᠳᠠᠯ ᠮᠠᠲ᠋ᠧᠷᠢᠶᠠᠯ ᠵᠣᠬᠢᠶᠠᠵᠤ ᠪᠤᠰᠤᠳ ᠢ ᠭᠦᠳᠬᠡᠨ ᠵᠠᠭᠠᠯᠳᠤᠵᠤ ᠪᠣᠯᠬᠤ ᠦᠭᠡᠢ᠃ ᠢᠯᠡᠴᠢᠯᠡᠨ ᠮᠡᠳᠡᠬᠦᠯᠦᠯᠳᠡ ᠪᠠᠷ ᠵᠠᠪᠰᠢᠶᠠᠨ ᠪᠣᠯᠭᠠᠵᠤ ᠵᠣᠷᠢᠭᠤᠳᠠ ᠬᠡᠷᠡᠭ ᠤᠴᠢᠷ ᠵᠣᠬᠢᠶᠠᠨ ᠪᠤᠰᠤᠳ ᠢ ᠭᠦᠳᠬᠡᠨ ᠭᠦᠵᠢᠷᠯᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ        ᠪᠠᠷᠠᠭᠤᠨ ᠦᠵᠦᠮᠦᠴᠢᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                               2025 ᠣᠨ ᠤ 4 ᠰᠠᠷ᠎ᠠ ᠶᠢᠨ 11 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号