ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠭᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ | 11 ᠶᠠᠮᠤᠨ ᠬᠤᠷᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ | ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ︵ᠳᠤᠮᠳᠠᠳᠤ ᠲᠠᠷᠢᠶᠠᠯᠠᠩ | ᠲᠠᠷᠬᠠᠭᠠᠭᠰᠠᠨ ﹇2019﹈ 16 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | ᠵᠡᠷᠭᠡ ᠶᠢᠨ ᠳᠠᠷᠤᠮᠠᠯᠯᠠᠨ ᠲᠠᠷᠬᠠᠭᠠᠭᠰᠠᠨ ︽ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠣᠶᠢᠵᠢᠭᠤᠯᠤᠨ | ᠬᠥᠭᠵᠢᠭᠦᠯᠬᠦ ᠶᠢ ᠲᠦᠷᠭᠡᠳᠬᠡᠬᠦ ᠲᠤᠬᠠᠢ ᠵᠢᠯᠤᠭᠤᠳᠬᠤ ᠰᠠᠨᠠᠯ︾ ︵ᠥᠪᠥᠷ ᠨᠠᠮ ᠲᠠᠷᠢᠶᠠᠯᠠᠩ ᠮᠠᠯ ᠠᠵᠤ ᠠᠬᠤᠢ | ᠠᠯᠪᠠᠨ ᠲᠠᠷᠬᠠᠭᠠᠭᠰᠠᠨ ﹇2020﹈ 12 ᠳ᠋ᠤᠭᠠᠷ ᠲᠣᠭᠠᠲᠤ︶ ᠢ ᠦᠨᠳᠦᠰᠦᠯᠡᠨ᠂ ᠨᠢᠭᠡ ᠪᠦᠯᠦᠭ ᠬᠡᠪᠴᠢᠶ᠎ᠡ ᠨᠢ | ᠲᠣᠬᠢᠷᠠᠮᠵᠢᠲᠠᠢ᠂ ᠦᠢᠯᠡᠳᠪᠦᠷᠢᠯᠡᠯ ᠨᠢ ᠡᠷᠴᠢᠮᠯᠢᠭ᠂ ᠬᠠᠮᠢᠶᠠᠷᠤᠯᠲᠠ ᠨᠢ ᠲᠡᠷᠢᠭᠦᠨ ᠤ᠂ ᠦᠷ᠎ᠡ ᠠᠰᠢᠭ ᠨᠢ ᠢᠯᠡᠷᠬᠡᠢ | ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠲᠦᠷᠭᠡᠳᠬᠡᠨ ᠪᠣᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ | ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠠᠭᠤᠷᠢ ᠶᠢ | ᠪᠠᠳᠤᠳᠬᠠᠬᠤ ᠶᠢᠨ ᠳᠦᠯᠦᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠣᠰ ᠠᠷᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠬᠢᠯᠢ ᠳᠣᠲᠣᠷ᠎ᠠ ᠭᠡᠷ | ᠪᠦᠯᠢ ᠶᠢᠨ ᠮᠠᠯᠵᠢᠯ ᠤᠨ ᠲᠠᠯᠠᠪᠠᠶ ᠶᠢ ᠭᠤᠶᠤᠴᠢᠯᠠᠨ ᠮᠡᠳᠡᠭᠦᠯᠬᠦ᠂ ᠦᠨᠡᠯᠡᠬᠦ᠂ ᠬᠠᠮᠢᠶᠠᠷᠬᠤ ᠳᠤ ᠬᠡᠷᠡᠭᠯᠡᠨ᠎ᠡ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠶ ᠭᠡᠳᠡᠭ ᠨᠢ | ᠭᠡᠷ ᠪᠦᠯᠢ ᠶᠢᠨ ᠪᠦᠷᠢᠯᠳᠦᠭᠦᠨ ᠢᠶᠠᠷ ᠭᠤᠣᠯ ᠬᠥᠳᠡᠯᠮᠦᠷᠢ ᠶᠢᠨ ᠬᠦᠴᠦᠨ ᠪᠤᠯᠭᠠᠭᠰᠠᠨ᠂ ᠭᠡᠷ ᠪᠦᠯᠢ ᠪᠠᠷ ᠦᠨᠳᠦᠰᠦᠨ | ᠡᠵᠡᠩᠨᠡᠯᠲᠡ ᠶᠢᠨ ᠨᠢᠭᠡᠴᠡ ᠪᠤᠯᠭᠠᠭᠰᠠᠨ᠂ ᠮᠠᠯ ᠠᠵᠤ ᠠᠬᠤᠢ ᠪᠠᠨ ᠬᠡᠪᠴᠢᠶᠡᠵᠢᠬᠦᠯᠦᠨ᠂ ᠪᠠᠷᠢᠮᠵᠢᠶᠠᠵᠢᠭᠤᠯᠤᠨ᠂ | ᠡᠷᠴᠢᠮᠵᠢᠭᠦᠯᠦᠨ ᠡᠷᠭᠢᠯᠡᠬᠦ ᠶᠢ ᠵᠢᠭᠠᠵᠤ ᠪᠣᠶ᠃ ᠲᠠᠸᠠᠷᠴᠢᠯᠠᠭᠰᠠᠨ ᠦᠢᠯᠡᠳᠪᠦᠷᠢᠯᠡᠯ ᠤᠨ ᠰᠢᠨ᠎ᠡ ᠮᠠᠶ᠋ᠢᠭ ᠤᠨ | ᠡᠵᠡᠩᠨᠡᠯᠲᠡ ᠶᠢᠨ ᠭᠤᠣᠯ ᠴᠣᠭᠴᠠ ᠶᠢ ᠬᠡᠯᠡᠵᠦ ᠪᠠᠶᠢᠨ᠎ᠠ᠃ | ᠭᠤᠷᠪᠠᠳᠤᠭᠠᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠦᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠤ ᠠᠶᠤᠯᠬᠦᠢ ᠦᠢᠯᠡᠳᠪᠦᠷᠢᠯᠡᠬᠦ ᠶᠢ ᠪᠡᠶᠡᠯᠡᠭᠦᠯᠵᠦ᠂ ᠣᠷᠴᠢᠨ ᠲᠣᠭᠤᠷᠢᠨ ᠨᠢ ᠨᠥᠬᠦᠷᠰᠡᠭ ᠬᠡᠯᠪᠡᠷᠢ ᠶᠢᠨ | ᠪᠠ ᠦᠷᠭᠦᠯᠵᠢᠯᠡᠬᠦ ᠴᠢᠨᠠᠷᠲᠠᠢ ᠪᠠᠷ ᠬᠥᠭᠵᠢᠭᠦᠯᠬᠦ ᠶᠢ ᠵᠢᠷᠤᠮᠯᠠᠬᠤ ᠬᠡᠷᠡᠭᠲᠡᠢ᠃ | ᠳᠥᠷᠪᠡᠳᠦᠭᠡᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠳᠤ ᠢᠯᠡ᠂ ᠡᠷᠬᠡ | ᠲᠡᠭᠰᠢ᠂ ᠲᠥᠪ ᠭᠤᠥᠯᠴᠢ᠂ ᠨᠡᠶᠢᠲᠡ ᠶᠢᠨ ᠢᠲᠡᠭᠡᠮᠵᠢ ᠶᠢ ᠪᠠᠷᠢᠮᠲᠠᠯᠠᠨ᠎ᠠ᠃ | ᠲᠠᠪᠤᠳᠤᠭᠠᠷ ᠵᠦᠢᠯ ᠦᠨᠡᠯᠡᠭᠰᠡᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ ᠭᠡᠷ ᠪᠦᠯᠢ ᠶᠢᠨ | ᠮᠠᠯᠵᠢᠯ ᠤᠨ ᠲᠠᠯᠠᠪᠠᠶ ᠶᠢᠨ ᠲᠥᠷᠥ ᠶᠢᠨ ᠪᠣᠳᠣᠯᠭ᠎ᠠ ᠶᠢᠨ ᠲᠡᠳᠬᠦᠬᠦ ᠡᠲᠡᠭᠡᠳ ᠢ ᠲᠣᠭᠲᠠᠭᠠᠨ᠎ᠠ᠂ ᠲᠠᠷᠢᠶᠠᠯᠠᠩ ᠮᠠᠯ | ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨᠡᠯᠡᠯᠳᠡ ᠶᠢ | ᠳᠠᠮᠵᠢᠭᠰᠠᠨ ᠦᠡᠭᠡᠢ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠠᠮᠢᠶ᠎ᠠ | ᠪᠦᠬᠦᠢ ᠲᠡᠳᠬᠦᠬᠦ ᠲᠥᠷᠥ ᠶᠢᠨ ᠪᠤᠳᠣᠯᠭ᠎ᠠ ᠶᠢ ᠬᠦᠷᠲᠡᠬᠦ ᠦᠭᠡᠢ᠃ | ᠬᠤᠶᠠᠳᠤᠭᠠᠷ ᠪᠦᠯᠦᠭ ᠮᠡᠳᠡᠭᠦᠯᠬᠦ ᠨᠥᠬᠦᠴᠡᠯ ᠬᠢᠭᠡᠳ ᠦᠨᠡᠯᠡᠨ ᠲᠣᠭᠲᠠᠭᠠᠬᠤ ᠪᠠᠷᠢᠮᠵᠢᠶ᠎ᠠ | ᠵᠢᠷᠭᠤᠳᠤᠭᠠᠷ ᠵᠦᠢᠯ ᠮᠠᠯᠵᠢᠬᠤ ᠡᠷᠦᠬᠡ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠠᠶᠢᠨ ᠳᠤᠷ᠎ᠠ ᠠᠴᠠ ᠪᠠᠨ | ᠭᠤᠶᠤᠴᠢᠯᠠᠨ ᠮᠡᠳᠡᠭᠦᠯᠵᠦ᠂ ᠭᠠᠴᠠᠭ᠎ᠠ ᠰᠤᠮᠤ ᠪᠠᠯᠭᠠᠰᠤ ᠨᠢ ᠠᠩᠬᠠᠨ ᠤ ᠬᠢᠨᠠᠯᠲᠠ ᠶᠢ ᠬᠠᠷᠢᠭᠤᠴᠠᠵᠤ᠂ ᠬᠤᠰᠢᠭᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ | ᠬᠢᠨᠠᠨ ᠪᠠᠶᠢᠴᠠᠭᠠᠬᠤ᠂ ᠦᠨᠡᠯᠡᠨ ᠲᠣᠭᠲᠠᠭᠠᠬᠤ᠂ ᠳᠠᠩᠰᠠᠯᠠᠬᠤ ᠵᠢᠴᠢ ᠬᠢᠨᠠᠯᠲᠠ ᠲᠠᠯᠪᠢᠵᠤ ᠬᠠᠮᠢᠶᠠᠷᠬᠤ ᠪᠠ | ᠲᠤᠬᠠᠶᠢᠯᠠᠭᠰᠠᠨ ᠠᠵᠢᠯ ᠢ ᠵᠢᠯᠤᠭᠤᠳᠬᠤ ᠠᠵᠢᠯ ᠢ ᠬᠠᠷᠢᠭᠤᠴᠠᠨ᠎ᠠ᠃ | ᠳᠣᠯᠣᠳᠤᠭᠠᠷ ᠵᠦᠢᠯ ᠪᠡᠶᠡᠴᠢ ᠴᠣᠭᠴᠠ ᠶᠢᠨ ᠨᠥᠬᠦᠴᠡᠯ | ︵ᠨᠢᠭᠡ︶ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠪᠦᠬᠦᠯᠢ ᠠᠷᠪᠠᠨ ᠨᠠᠢᠮᠠᠨ ᠨᠠᠰᠤᠨ ᠠᠴᠠ | ᠳᠡᠭᠡᠭᠰᠢᠬᠢ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ᠂ ᠪᠡᠶ᠎ᠡ ᠪᠠᠨ ᠳᠠᠭᠠᠭᠠᠵᠤ ᠢᠷᠭᠡᠨ ᠤ | ᠬᠡᠷᠡᠭ ᠤᠨ ᠠᠵᠢᠯᠯᠠᠭ᠎ᠠ ᠬᠢᠵᠦ ᠪᠣᠯᠬᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠬᠢᠵᠦ ᠪᠣᠯᠬᠤ | ᠮᠥᠷᠲᠡᠭᠡᠨ ᠡᠷᠬᠡᠪᠰᠢ ᠪᠠᠶᠢᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ᠂ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ | ᠡᠳ᠋ᠯᠡᠵᠦ ᠪᠦᠬᠦᠢ ᠮᠠᠯᠵᠢᠬᠤ ᠡᠷᠦᠬᠡ ᠪᠠᠶᠢᠬᠤ ᠬᠡᠷᠡᠭᠲᠡᠢ᠃ | ︵ᠬᠤᠶᠠᠷ︶ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ | ᠭᠠᠵᠠᠷ ᠢ ᠰᠢᠯᠵᠢᠬᠦᠯᠦᠨ ᠬᠡᠷᠡᠭᠯᠡᠬᠦ ᠠᠷᠭ᠎ᠠ ᠮᠠᠶ᠋ᠢᠭ ᠢᠶᠠᠷ ᠣᠯᠣᠭᠰᠠᠨ ᠪᠠᠶᠢᠪᠠᠯ᠂ ᠳᠦᠷᠢᠮᠵᠢᠭᠰᠡᠨ ᠨᠤᠲᠤᠭ | ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠬᠦᠯᠦᠨ ᠬᠡᠷᠡᠭᠯᠡᠬᠦ ᠭᠡᠷ᠎ᠡ ᠶᠢ ᠬᠠᠩᠭᠠᠬᠤ ᠶᠢᠨ ᠬᠠᠮᠲᠤ ᠭᠠᠴᠠᠭ᠎ᠠ | ᠲᠣᠰᠬᠤᠨ ᠤ ᠵᠥᠪᠯᠡᠯ ᠪᠣᠯᠣᠨ ᠰᠤᠮᠤ ᠪᠠᠯᠭᠠᠰᠤᠨ ᠳᠤ ᠬᠦᠷᠴᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ︵ᠭᠤᠷᠪᠠ︶ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠶᠤᠯᠬᠦᠢ ᠶᠢᠨ ᠲᠤᠬᠠᠢ ᠤᠯᠤᠰ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠭᠤᠶᠤᠴᠢᠯᠠᠭᠰᠠᠨ ᠡᠷᠦᠬᠡ ᠡᠷᠬᠡᠪᠰᠢ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠭᠰᠠᠨ ᠪᠠᠶᠢᠬᠤ ᠬᠡᠷᠡᠭᠲᠡᠢ᠃ | ︵ᠲᠠᠪᠤ︶ ᠨᠢᠭᠡ ᠮᠠᠯᠵᠢᠬᠤ ᠡᠷᠥᠭᠡ ᠵᠥᠪᠬᠡᠨ ᠨᠢᠭᠡ ᠲᠥᠷᠥᠯ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ | ᠮᠡᠳᠡᠭᠦᠯᠵᠦ ᠪᠣᠯᠣᠨ᠎ᠠ᠃ | ᠨᠠᠢᠮᠠᠳᠤᠭᠠᠷ ᠵᠦᠢᠯ ᠦᠨᠡᠯᠡᠬᠦ ᠲᠥᠷᠥᠯ ᠬᠡᠯᠪᠡᠷᠢ ᠬᠢᠭᠡᠳ ᠪᠠᠷᠢᠮᠵᠢᠶ᠎ᠠ | ︵ᠨᠢᠭᠡ︶ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ | ᠲᠠᠯᠠᠪᠠᠢ | 1. ᠪᠡᠯᠴᠢᠭᠡᠷ ᠤᠨ ᠦᠨᠳᠦᠰᠦᠨ ᠨᠢᠭᠡᠴᠡ ᠨᠢ ᠠᠳᠠᠭ ᠲᠠᠭᠠᠨ 5000 ᠮᠦ ᠠᠴᠠ ᠳᠡᠭᠡᠭᠰᠢ ᠪᠠᠶᠢᠵᠤ᠂ | ᠨᠡᠶᠢᠲᠡ ᠶᠢᠨ ᠠᠰᠠᠷᠠᠮᠵᠢ ᠶᠢᠨ ᠤᠢ ᠮᠣᠳᠣᠨ ᠤ ᠲᠠᠯᠠᠪᠠᠢ ᠶᠢ ᠪᠡᠯᠴᠢᠭᠡᠷ ᠤᠨ ᠲᠠᠯᠠᠪᠠᠢ ᠳᠤ ᠪᠤᠳᠤᠵᠤ ᠣᠷᠣᠭᠤᠯᠬᠤ | ᠦᠭᠡᠢ᠂ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠤᠭ᠎ᠠ ᠶᠢᠨ ᠲᠠᠷᠢᠶᠠᠨ ᠭᠠᠵᠠᠷ ᠤᠨ ᠲᠠᠯᠠᠪᠠᠢ ᠶᠢ ᠪᠡᠯᠴᠢᠭᠡᠷ | ᠤᠨ ᠲᠠᠯᠠᠪᠠᠢ ᠲᠤ ᠪᠤᠳᠤᠵᠤ ᠣᠷᠣᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠳᠤᠯᠠᠭᠠᠨ ᠤᠯᠠᠷᠢᠯ ᠳᠤ ᠡᠭᠡᠯᠵᠢᠯᠡᠨ ᠮᠠᠯᠵᠢᠬᠤ᠂ ᠬᠦᠢᠲᠡᠨ ᠤᠯᠠᠷᠢᠯ ᠳᠤ | ᠲᠡᠵᠢᠭᠡᠯ ᠪᠣᠷᠳᠤᠭ᠎ᠠ ᠨᠡᠮᠡᠵᠦ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠲᠡᠵᠢᠭᠡᠨ ᠦᠷᠡᠵᠢᠭᠦᠯᠦᠨ᠎ᠡ᠃ ᠬᠠᠳᠤᠯᠠᠩ | ᠪᠡᠯᠴᠢᠭᠡᠷ ᠬᠠᠳᠤᠬᠤ ᠳᠤ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠳᠤᠬᠤ | ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ ᠬᠠᠳᠤᠵᠤ ᠬᠠᠮᠢᠶᠠᠷᠴᠤ᠂ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠡᠭᠡᠯᠵᠢᠯᠡᠨ ᠬᠠᠳᠤᠬᠤ ᠳᠦᠷᠢᠮ ᠪᠠ ᠡᠪᠦᠯ ᠬᠠᠪᠤᠷ ᠤᠨ ᠤᠯᠠᠷᠢᠯ ᠤᠨ ᠡᠪᠡᠰᠦ ᠨᠥᠭᠡᠴᠡᠯᠡᠬᠦ | ᠪᠠᠷᠢᠮᠵᠢᠶ᠎ᠠ ᠶᠢ ᠲᠣᠭᠲᠠᠭᠠᠵᠤ᠂ ᠬᠠᠳᠤᠯᠠᠩ ᠪᠡᠯᠴᠢᠭᠡᠷ ᠢ ᠬᠠᠳᠤᠵᠤ ᠨᠥᠭᠡᠴᠡᠯᠡᠬᠦ ᠦᠶᠯᠡ ᠠᠵᠢᠯᠯᠠᠭ᠎ᠠ ᠶᠢ | ᠵᠢᠷᠤᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2. ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠥᠨᠳᠥᠷ ᠤᠨ ᠬᠡᠮᠵᠢᠶ᠎ᠡ᠂ ᠪᠦᠷᠬᠦᠴᠡ᠂ ᠤᠨᠠᠯᠲᠠ ᠶᠢᠨ ᠬᠡᠮᠵᠢᠶ᠎ᠡ ᠶᠢ | ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠬᠢᠷᠢ ᠬᠡᠮᠵᠢᠶ᠎ᠡ ᠠᠴᠠ | ᠥᠨᠳᠥᠷ ᠪᠠᠶᠢᠯᠭᠠᠬᠤ ᠬᠡᠷᠡᠭᠲᠡᠢ ︵ᠳᠠᠷᠤᠢ ᠳᠤᠮᠳᠠᠴᠢ ᠥᠨᠳᠥᠷ ᠤᠨ ᠬᠡᠮᠵᠢᠶ᠎ᠡ ᠨᠢ 15 ᠰᠠᠨᠲ᠋ᠢᠮᠧᠲᠷ᠂ ᠪᠦᠷᠬᠦᠴᠡ ᠨᠢ | 50%᠂ ᠭᠠᠵᠠᠷ ᠳᠡᠭᠡᠷᠡᠬᠢ ᠠᠮᠢᠳᠤ ᠪᠣᠳᠠᠰ ᠤᠨ ᠬᠡᠮᠵᠢᠶ᠎ᠡ ᠨᠢ 58 ᠺᠢᠯᠣᠭ᠍ᠷᠠᠮ ᠠᠴᠠ ᠳᠡᠭᠡᠭᠰᠢ︶᠃ | 3. ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ | ᠬᠠᠮᠠᠭᠠᠯᠠᠬᠤ ᠨᠥᠬᠦᠴᠡᠯ ᠢ ᠲᠦᠷ ᠪᠦᠷᠢᠯᠳᠦᠭᠦᠯᠦᠭᠡᠳᠦᠢ ᠮᠠᠯᠵᠢᠬᠤ ᠡᠷᠦᠬᠡ᠂ ᠣᠶ ᠰᠢᠭᠤᠢ ᠨᠤᠲᠤᠭ ᠪᠡᠯᠴᠢᠭᠡᠷ ᠵᠡᠷᠭᠡ | ᠲᠤᠰᠬᠠᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ 3—5 ᠵᠢᠯ ᠨᠤᠲᠤᠭ ᠪᠡᠯᠴᠢᠭᠡᠷ ᠢ ᠬᠠᠮᠠᠭᠠᠯᠠᠵᠦ ᠳᠠᠷᠢᠵᠤ | ᠰᠠᠶᠢᠵᠢᠷᠠᠭᠤᠯᠬᠤ᠂ ᠳᠤᠯᠠᠭᠠᠨ ᠤᠯᠠᠷᠢᠯ ᠳᠤ ᠲᠣᠭᠤᠷᠢᠭ ᠬᠤᠪᠢᠶᠠᠨ ᠰᠡᠯᠭᠦᠨ ᠮᠠᠯᠵᠢᠬᠤ᠂ ᠬᠦᠢᠲᠡᠨ ᠤᠯᠠᠷᠢᠯ ᠳᠤ | ᠬᠠᠰᠢᠶᠠᠯᠠᠨ ᠲᠡᠵᠢᠭᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠳᠤᠯᠠᠩ ᠪᠡᠯᠴᠢᠭᠡᠷ ᠢ ᠠᠮᠤᠷᠵᠢᠭᠤᠯᠤᠨ | ᠰᠡᠷᠭᠦᠭᠡᠵᠦ᠂ ᠪᠡᠯᠴᠢᠭᠡᠷ ᠤᠨ ᠳᠠᠭᠠᠭᠠᠴᠠ ᠶᠢ ᠨᠢ ᠳᠡᠭᠡᠭᠰᠢᠯᠡᠭᠦᠯᠦᠭᠰᠡᠨ ᠤ ᠲᠠᠷᠠᠭ᠎ᠠ᠂ ᠠᠮᠢ ᠠᠬᠤᠢ ᠶᠢᠨ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢᠨ ᠵᠠᠭᠪᠤᠷ ᠢᠶᠠᠷ ᠡᠵᠡᠩᠨᠡᠵᠦ ᠪᠣᠯᠣᠨ᠎ᠠ᠂ ᠲᠤᠬᠠᠶᠢᠯᠠᠪᠠᠯ ᠲᠦᠷᠪᠡᠨ ᠤᠯᠠᠷᠢᠯ ᠳᠤ | ᠪᠡᠯᠴᠢᠭᠡᠷᠯᠡᠭᠦᠯᠬᠦ᠂ ᠤᠯᠠᠷᠢᠯ ᠤᠨ ᠴᠢᠨᠠᠷᠲᠠᠢ ᠡᠭᠡᠯᠵᠢᠯᠡᠨ ᠪᠡᠯᠴᠢᠭᠡᠷᠯᠡᠭᠦᠯᠬᠦ᠂ ᠬᠦᠢᠲᠡᠨ ᠤᠯᠠᠷᠢᠯ ᠳᠤ ᠲᠡᠵᠢᠭᠡᠯ | ᠪᠣᠷᠳᠤᠭ᠎ᠠ ᠨᠦᠬᠦᠪᠦᠷᠢᠯᠡᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠨᠤᠲᠤᠭ ᠪᠡᠯᠴᠢᠭᠡᠷ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠬᠤᠣᠰ ᠠᠮᠵᠢᠯᠲᠠ︾ ᠶᠢ ᠪᠡᠶᠡᠯᠡᠭᠦᠯᠵᠦ ᠪᠣᠯᠣᠨ᠎ᠠ᠃ ︽ᠠᠮᠢ | ᠠᠬᠤᠢ ᠶᠢᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ | ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 4︶ ᠳᠤ ᠭᠠᠷ ᠤᠨ ᠥᠰᠥᠭ ᠵᠢᠷᠤᠬᠤ ᠪᠠᠷ ᠪᠠᠷᠢᠮᠵᠢᠶ᠎ᠠ ᠪᠣᠯᠭᠠᠨ᠎ᠠ᠃ | | ︵ᠬᠤᠶᠠᠷ︶ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ | 1.ᠮᠢᠬᠠᠨ ᠤ ᠦᠬᠡᠷ ᠲᠡᠵᠢᠭᠡᠨ ᠦᠷᠡᠵᠢᠭᠦᠯᠬᠦ ᠪᠠᠷ ᠭᠤᠣᠯᠯᠠᠭᠤᠯᠤᠨ᠂ ᠲᠠᠩ ᠭᠠᠭᠴᠠ ᠡᠭᠦᠯᠳᠡᠷ ᠤᠨ ᠲᠤᠭ᠎ᠠ ︵ | ᠱᠠᠷᠤᠯᠠᠢ᠂ ᠠᠩᠭᠧᠰ ᠦᠬᠡᠷ᠂ ᠬᠠᠶᠢᠹᠦᠷᠳ᠋ ᠦᠬᠡᠷ᠂ ᠬᠤᠸᠠ ᠰᠢ ᠦᠬᠡᠷ᠂ ᠰᠢᠮᠧᠨ᠋ᠲ᠋ᠧᠷ᠂ ᠮᠣᠩᠭᠤᠯ ᠦᠬᠡᠷ︶ ᠨᠢ | ᠮᠢᠬᠠᠨ ᠤ ᠦᠬᠡᠷ ᠤᠨ ᠲᠤᠭ᠎ᠠ ᠬᠡᠮᠵᠢᠶ᠎ᠡ ᠶᠢᠨ 90% ᠠᠴᠠ ᠳᠡᠭᠡᠭᠰᠢᠬᠢ ᠶᠢ ᠡᠵᠡᠯᠡᠵᠦ᠂ ᠳᠤᠯᠠᠭᠠᠨ ᠤᠯᠠᠷᠢᠯ ᠳᠤ | ᠪᠡᠯᠴᠢᠭᠡᠷᠯᠡᠭᠦᠯᠬᠦ᠂ ᠬᠦᠢᠲᠡᠨ ᠤᠯᠠᠷᠢᠯ ᠳᠤ ᠬᠠᠰᠢᠶᠠᠯᠠᠨ ᠲᠡᠵᠢᠭᠡᠬᠦ ︽ᠪᠡᠯᠴᠢᠭᠡᠷᠯᠡᠭᠦᠯᠬᠦ + ᠬᠠᠰᠢᠶᠠᠯᠠᠨ ᠲᠡᠵᠢᠭᠡᠬᠦ︾ | ᠬᠡᠯᠪᠡᠷᠢ ᠶᠢᠨ ᠲᠡᠵᠢᠭᠡᠨ ᠦᠷᠡᠵᠢᠭᠦᠯᠬᠦ ᠠᠷᠭ᠎ᠠ ᠶᠢ ᠬᠡᠷᠡᠭᠯᠡᠨ᠎ᠡ᠃ | 2. 50 ᠲᠣᠯᠣᠭᠠᠢ ᠠᠴᠠ ᠳᠡᠭᠡᠭᠰᠢ ᠦᠨᠢᠶ᠎ᠡ ᠲᠠᠢ ᠪᠠᠶᠢᠵᠤ᠂ ᠡᠪᠦᠯᠵᠢᠬᠦ ᠦᠬᠡᠷ ᠤᠨ ᠰᠦᠷᠦᠭ ᠤᠨ ᠳᠣᠲᠣᠷ᠎ᠠ | ᠂ ᠦᠨᠢᠶᠡᠨ ᠤ ᠲᠤᠭ᠎ᠠ ᠨᠢ 85% ᠠᠴᠠ ᠳᠡᠭᠡᠭᠰᠢᠬᠢ ᠶᠢ ᠡᠵᠡᠯᠡᠵᠦ᠂ ᠡᠬᠡ ᠮᠠᠯ ᠤᠨ ᠦᠷᠡᠵᠢᠯᠲᠡ ᠶᠢᠨ ᠨᠣᠷᠮ᠎ᠠ ᠶᠢ | 85% ᠠᠴᠠ ᠳᠡᠭᠡᠭᠰᠢ ᠳᠤ ᠬᠦᠷᠭᠡᠨ᠎ᠡ᠃ | 3. ᠦᠬᠡᠷ ᠤᠨ ᠲᠤᠭ᠎ᠠ ᠲᠤᠯᠤᠭᠠᠢ ᠨᠢ ᠮᠠᠯᠵᠢᠬᠤ ᠡᠷᠦᠬᠡ ᠶᠢᠨ ᠵᠢᠯ ᠤᠨ ᠮᠠᠯ ᠤᠨ ᠲᠤᠭ᠎ᠠ ᠲᠤᠯᠤᠭᠠᠢ ︵ᠬᠤᠨᠢ | ᠢᠮᠠᠭᠠᠨ ᠤ ᠨᠢᠭᠡᠴᠡ ᠪᠠᠷ ᠨᠤᠭᠤᠯᠤᠨ ᠪᠤᠳᠤᠨ᠎ᠠ︶ ᠶᠢᠨ 70% ᠠᠴᠠ ᠳᠡᠭᠡᠭᠰᠢᠬᠢ ᠶᠢ ᠡᠵᠡᠯᠡᠬᠦ ᠬᠡᠷᠡᠭᠲᠡᠢ᠃ | ︵ᠭᠤᠷᠪᠠ︶ ᠮᠢᠬᠠᠨ ᠤ ᠬᠤᠨᠢᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ | 1. ᠦᠵᠦᠮᠦᠴᠢᠨ ᠬᠤᠨᠢ ᠶᠢ ᠲᠡᠵᠢᠭᠡᠨ ᠦᠷᠡᠵᠢᠭᠦᠯᠬᠦ ᠪᠠᠷ ᠭᠤᠣᠯᠯᠠᠭᠤᠯᠤᠨ᠂ ︽ᠪᠡᠯᠴᠢᠭᠡᠷᠯᠡᠭᠦᠯᠬᠦ + ᠲᠡᠵᠢᠭᠡᠯ | ᠨᠥᠬᠦᠪᠦᠷᠢᠯᠡᠬᠦ︾ ᠠᠷᠠᠴᠢᠯᠠᠭ᠎ᠠ ᠶᠢᠨ ᠵᠠᠭᠪᠤᠷ ᠢ ᠬᠡᠷᠡᠭᠯᠡᠨ᠎ᠡ᠃ | 2. ᠡᠮ᠎ᠡ ᠬᠤᠨᠢ 300 ᠠᠴᠠ ᠳᠡᠭᠡᠭᠰᠢ ᠪᠠᠶᠢᠵᠤ᠂ ᠰᠠᠭᠤᠷᠢ ᠡᠮ᠎ᠡ ᠬᠤᠨᠢ ᠨᠢ ᠴᠦᠮ ᠦᠵᠦᠮᠦᠴᠢᠨ | ᠬᠤᠨᠢᠨ ᠤ ᠡᠭᠦᠯᠳᠡᠷ ᠤᠨ ᠪᠠᠷᠢᠮᠵᠢᠶ᠎ᠠ ᠳᠤ ᠨᠡᠶᠢᠴᠡᠵᠦ᠂ ᠬᠤᠴᠠ ᠨᠢ ᠣᠨᠴᠠ ᠳᠡᠰ᠂ ᠨᠢᠭᠡᠳᠦᠭᠡᠷ ᠳᠡᠰ ᠪᠠᠶᠢᠵᠤ᠂ | ᠬᠠᠷᠢᠴᠠᠯ ᠨᠢ 1᠄ 35 ᠣᠷᠴᠢᠮ᠂ ᠦᠷᠡᠵᠢᠭᠦᠯᠦᠭᠰᠡᠨ ᠨᠤᠷᠮ᠎ᠠ ᠨᠢ 100% ᠠᠴᠠ ᠳᠡᠭᠡᠭᠰᠢ ᠪᠠᠶᠢᠵᠤ᠂ ᠡᠪᠦᠯᠵᠢᠬᠦ | ᠮᠠᠯ ᠤᠨ ᠳᠤᠳᠤᠷ᠎ᠠ ᠡᠮ᠎ᠡ ᠬᠤᠨᠢ ᠶᠢᠨ ᠬᠤᠪᠢ ᠶᠢᠨ ᠵᠢᠩ ᠨᠢ 85% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ | 3. ᠬᠤᠨᠢᠨ ᠤ ᠲᠤᠭ᠎ᠠ ᠲᠤᠯᠤᠭᠠᠢ ᠨᠢ ᠮᠠᠯᠵᠢᠬᠤ ᠡᠷᠦᠬᠡ ᠶᠢᠨ ᠵᠢᠯ ᠤᠨ ᠮᠠᠯ ᠤᠨ ᠲᠤᠭ᠎ᠠ ᠲᠤᠯᠤᠭᠠᠢ ︵ | ᠬᠤᠨᠢᠨ ᠤ ᠨᠢᠭᠡᠴᠡ ᠪᠠᠷ ᠨᠤᠭᠤᠯᠤᠨ ᠪᠤᠳᠤᠨ᠎ᠠ︶ ᠶᠢᠨ 60% ᠠᠴᠠ ᠳᠡᠭᠡᠭᠰᠢᠬᠢ ᠶᠢ ᠡᠵᠡᠯᠡᠬᠦ ᠬᠡᠷᠡᠭᠲᠡᠢ᠃ | ︵ᠳᠥᠷᠪᠡ︶ ᠠᠵᠤ ᠦᠢᠯᠡᠰ ᠢ ᠠᠭᠤᠰᠤᠯᠴᠠᠭᠤᠯᠬᠤ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ | 1. ᠭᠤᠣᠯᠳᠠᠭᠤ ᠮᠢᠬᠠᠨ ᠤ ᠦᠬᠡᠷ᠂ ᠮᠢᠬᠠᠨ ᠤ ᠬᠤᠨᠢ᠂ ᠮᠣᠷᠢ ᠪᠠ ᠲᠡᠮᠡᠭᠡ ᠲᠡᠵᠢᠭᠡᠨ ᠦᠷᠡᠵᠢᠭᠦᠯᠬᠦ᠂ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠪᠣᠷᠣᠯᠠᠭᠤᠯᠬᠤ᠂ ᠦᠢᠯᠡᠴᠢᠯᠡᠬᠦ ᠶᠢ ᠨᠢᠭᠡ | ᠴᠣᠭᠴᠠᠵᠢᠭᠤᠯᠤᠭᠰᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠪᠣᠯᠣᠨ᠎ᠠ᠂ ᠡᠭᠦᠨ ᠳᠤ ᠤᠯᠠᠮᠵᠢᠯᠠᠯᠲᠤ ᠴᠠᠭᠠᠨ ᠢᠳᠡᠭᠡᠨ ᠢ | ᠡᠳ᠋ᠰᠢᠭᠦᠯᠬᠦ᠂ ᠪᠣᠷᠣᠯᠠᠭᠤᠯᠬᠤ ᠶᠢ ᠪᠠᠭᠲᠠᠭᠠᠨ᠎ᠠ᠃ ᠮᠠᠯ ᠠᠵᠤ ᠠᠬᠤᠢ ᠶᠢᠨ ᠡᠵᠡᠩᠨᠡᠯᠲᠡ ᠬᠢᠭᠡᠳ ᠰᠣᠶᠣᠯ | ᠵᠢᠭᠤᠯᠴᠢᠯᠠᠯ ᠢ ᠤᠶᠠᠯᠳᠤᠭᠤᠯᠤᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠮᠣᠷᠢ ᠪᠠ ᠲᠡᠮᠡᠭᠡ ᠲᠡᠵᠢᠭᠡᠨ | ᠦᠷᠡᠵᠢᠭᠦᠯᠬᠦ᠂ ᠴᠠᠭᠠᠨ ᠢᠳᠡᠭᠡᠨ ᠤ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ᠂ ᠮᠣᠷᠢ ᠤᠨᠤᠬᠤ ᠳᠤ | ᠦᠢᠯᠡᠴᠢᠯᠡᠬᠦ ᠵᠡᠷᠭᠡ ᠪᠠᠭᠲᠠᠨ᠎ᠠ᠃ ᠮᠠᠯᠴᠢᠨ ᠡᠷᠦᠬᠡ ︽ᠥᠪᠡᠷ ᠢᠶᠠᠨ ᠦᠷᠡᠵᠢᠭᠦᠯᠵᠦ ᠥᠪᠡᠷ ᠢᠶᠠᠨ ᠦᠢᠯᠡᠳᠪᠦᠷᠢᠯᠡᠵᠦ | ᠥᠪᠡᠷ ᠢᠶᠠᠨ ᠪᠤᠷᠤᠯᠠᠭᠤᠯᠬᠤ︾ ᠠᠵᠤ ᠦᠢᠯᠡᠰ ᠨᠢ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠬᠤ ᠪᠠᠷ ᠳᠠᠮᠵᠢᠭᠤᠯᠤᠨ | ᠤᠯᠠᠭᠠᠨ ᠢᠳᠡᠭᠡᠨ᠂ ᠴᠠᠭᠠᠨ ᠢᠳᠡᠭᠡᠨ ᠢ ᠡᠵᠡᠩᠨᠡᠨ᠎ᠡ᠃ ᠬᠠᠤᠯᠢ ᠶᠣᠰᠣᠨ ᠤ ᠵᠠᠬ᠎ᠠ ᠳᠡᠯᠭᠡᠭᠦᠷ ᠤᠨ ᠭᠤᠣᠯ | ᠴᠣᠭᠴᠠ ᠪᠠᠷ ᠪᠣᠷᠣᠯᠠᠭᠤᠯᠬᠤ ᠴᠢᠭ ᠳᠠᠩᠰᠠᠯᠠᠭᠤᠯᠤᠨ᠂ ᠦᠬᠡᠷ ᠬᠤᠨᠢᠨ ᠮᠢᠬ᠎ᠠ ᠬᠢᠭᠡᠳ ᠳᠠᠭᠠᠯᠳᠤᠪᠤᠷᠢ | ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠦᠢᠯᠡᠳᠬᠦᠨ ᠤ ᠨᠡᠮᠡᠯᠲᠡ ᠦᠷᠳᠡᠭ ᠪᠣᠯᠣᠨ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠤᠯ ᠭᠠᠷᠤᠯᠲᠠ | ᠶᠢᠨ ᠭᠠᠵᠠᠷ ᠤᠨ ᠮᠠᠯ ᠤᠨ ᠠᠰᠢᠭ ᠰᠢᠮ᠎ᠡ ᠪᠣᠷᠣᠯᠠᠭᠤᠯᠬᠤ ᠴᠢᠳᠠᠪᠤᠷᠢ ᠶᠢ ᠴᠢᠩᠭᠠᠳᠬᠠᠨ᠂ ᠮᠠᠯᠴᠢᠳ ᠤᠨ | ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠵᠢᠭᠦᠯᠦᠨ᠎ᠡ᠃ | 2. ᠣᠯᠠᠨ ᠨᠡᠶᠢᠲᠡ ᠶᠢᠨ ᠡᠷᠡᠭᠦᠯ ᠮᠡᠨᠳᠦ ᠪᠠ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ᠠᠵᠤ ᠦᠢᠯᠡᠰ ᠤᠨ ᠠᠭᠤᠰᠤᠯᠴᠠᠭᠰᠠᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠡᠵᠡᠩᠨᠡᠭᠴᠢᠳ | ᠬᠠᠯᠳᠠᠪᠤᠷᠢᠲᠤ ᠡᠪᠡᠳᠴᠢᠨ ᠪᠠ ᠥᠩᠭᠡᠷᠡᠭᠰᠡᠨ ᠳᠤ ᠬᠠᠯᠳᠠᠪᠤᠷᠢᠳᠤ ᠡᠪᠡᠳᠴᠢᠨ ᠤ ᠲᠡᠦᠬᠡ ᠦᠭᠡᠢ ᠪᠠᠶᠢᠬᠤ ᠶᠢ ᠦᠨᠡᠨᠬᠦ | ᠪᠠᠲᠤᠯᠠᠵᠤ᠂ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ᠂ ᠵᠢᠯ ᠤᠨ ᠳᠣᠲᠣᠷ᠎ᠠ ᠬᠠᠮᠤᠭ ᠪᠠᠭ᠎ᠠ ᠳᠠᠭᠠᠨ 2 ᠤᠳᠠᠭ᠎ᠠ | ᠠᠶᠤᠯᠬᠦᠢ ᠦᠢᠯᠡᠳᠪᠦᠷᠢᠯᠡᠯ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠬᠤ | ᠬᠡᠷᠡᠭᠲᠡᠢ᠃ | 3. ᠡᠵᠡᠩᠨᠡᠭᠴᠢᠳ ᠤᠨ ᠭᠡᠷ ᠪᠦᠯᠢ ᠶᠢᠨ ᠣᠷᠣᠯᠭ᠎ᠠ ᠶᠢᠨ ᠳᠣᠲᠣᠷ᠎ᠠ᠂ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠣᠷᠣᠯᠭ᠎ᠠ ︵ᠪᠣᠯᠪᠠᠰᠤᠷᠠᠭᠤᠯᠬᠤ᠂ ᠪᠣᠷᠣᠯᠠᠭᠤᠯᠬᠤ᠂ ᠦᠢᠯᠡᠴᠢᠯᠡᠬᠦ ᠣᠷᠣᠯᠭ᠎ᠠ︶ ᠨᠢ ᠡᠵᠡᠩᠨᠡᠯᠲᠡ ᠶᠢᠨ | ᠴᠢᠨᠠᠷᠲᠠᠢ ᠣᠷᠣᠯᠭ᠎ᠠ ᠶᠢᠨ ᠭᠤᠷᠪᠠᠨ ᠤ ᠨᠢᠭᠡ ᠠᠴᠠ ᠳᠣᠣᠷ᠎ᠠ ᠪᠠᠶᠢᠵᠤ ᠪᠣᠯᠬᠤ ᠦᠭᠡᠢ᠃ | ᠭᠤᠷᠪᠠᠳᠤᠭᠠᠷ ᠪᠦᠯᠦᠭ ᠮᠡᠳᠡᠭᠦᠯᠬᠦ ᠵᠢᠷᠤᠮ ᠵᠢᠴᠢ ᠲᠤᠰᠢᠶᠠᠬᠤ ᠮᠠᠲ᠋ᠧᠷᠢᠶᠠᠯ | ᠶᠢᠰᠦᠳᠦᠭᠡᠷ ᠵᠦᠢᠯ ᠮᠠᠯᠵᠢᠬᠤ ᠡᠷᠦᠬᠡ ᠭᠠᠴᠠᠭ᠎ᠠ ᠲᠣᠰᠬᠤᠨ ᠤ ᠵᠥᠪᠯᠡᠯ ᠳᠤ ᠪᠠᠨ ᠭᠤᠶᠤᠴᠢᠯᠠᠯ ᠭᠠᠷᠭᠠᠵᠤ᠂ | ᠰᠤᠮᠤ ᠪᠠᠯᠭᠠᠰᠤ ᠠᠴᠠ ᠮᠠᠲ᠋ᠧᠷᠢᠶᠠᠯ ᠵᠢᠴᠢ ᠮᠠᠯᠵᠢᠬᠤ ᠡᠷᠦᠬᠡ ᠶᠢᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠭᠰᠠᠨ ᠡᠰᠡᠬᠦ ᠶᠢ ᠬᠢᠨᠠᠨ ᠬᠠᠷᠭᠤᠭᠤᠯᠵᠤ ︵ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ | ᠬᠢᠨᠠᠨ ᠬᠠᠮᠢᠶᠠᠷᠤᠨ᠎ᠠ︶᠂ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠠᠯᠠᠭ᠎ᠠ ᠮᠥᠴᠢᠷ ᠠᠴᠠ ᠲᠤᠬᠠᠢ ᠶᠢᠨ ᠲᠠᠯᠠᠪᠤᠷ ᠲᠤᠨᠢ ᠬᠠᠶᠢᠨ ᠰᠢᠯᠭᠠᠬᠤ᠂ ᠬᠢᠨᠠᠨ ᠪᠠᠶᠢᠴᠠᠭᠠᠬᠤ᠂ ᠦᠨᠡᠯᠡᠨ | ᠲᠣᠭᠲᠠᠭᠠᠬᠤ᠂ ᠦᠨᠡᠮᠯᠡᠯ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢᠨ ᠬᠢᠷᠢ ᠬᠡᠮ ᠤᠨ ᠭᠡᠷᠡᠴᠢᠯᠡᠯ ᠤᠨ ᠪᠢᠴᠢᠭ ᠲᠠᠢ ᠡᠵᠡᠩᠨᠡᠭᠴᠢ ᠰᠠᠶᠢᠨ ᠳᠤᠷ᠎ᠠ ᠠᠴᠠ ᠪᠠᠨ ᠬᠤᠰᠢᠭᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ᠂ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢᠨ ᠡᠵᠡᠩᠨᠡᠯᠲᠡ ᠶᠢᠨ ᠦᠨᠡᠮᠯᠡᠯ ᠢᠶᠠᠨ ᠪᠦᠷᠢᠳᠬᠡᠭᠦᠯᠵᠦ᠂ ᠳᠠᠩᠰᠠᠯᠠᠭᠤᠯᠤᠭᠰᠠᠨ ᠤ ᠳᠠᠷᠠᠭ᠎ᠠ ᠳᠠᠬᠢᠨ | ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠲᠤ | ᠬᠦᠷᠴᠦ ᠨᠡᠷᠡᠰ ᠤᠨ ᠵᠢᠭᠰᠠᠭᠠᠯᠲᠠ ᠳᠤ ᠣᠷᠣᠭᠤᠯᠵᠤ ᠳᠠᠩᠰᠠᠯᠠᠭᠤᠯᠤᠨ᠎ᠠ᠃ | ᠠᠷᠪᠠᠳᠤᠭᠠᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ ᠮᠡᠳᠡᠭᠦᠯᠬᠦ ᠮᠠᠯᠴᠢᠨ ᠡᠷᠥᠭᠡ ᠡᠷᠬᠡᠪᠰᠢ | ᠳᠣᠣᠷᠠᠬᠢ ᠮᠡᠳᠡᠭᠦᠯᠬᠦ ᠮᠠᠲ᠋ᠧᠷᠢᠶᠡᠯ ᠭᠠᠷᠭᠠᠵᠤ ᠥᠭᠬᠦ ᠬᠡᠷᠡᠭᠲᠡᠢ᠄ | ︵ᠨᠢᠭᠡ︶ ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ | ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠭᠤᠷᠪᠠᠨ ᠬᠤᠪᠢ᠃ | ︵ᠬᠤᠶᠠᠷ︶ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠷᠦᠬᠡ ᠶᠢᠨ ᠡᠵᠡᠨ ᠤ ᠪᠡᠶ᠎ᠡ ᠶᠢᠨ ᠦᠨᠡᠮᠯᠡᠯ᠂ ᠡᠷᠦᠬᠡ | ᠠᠮᠠ ᠶᠢᠨ ᠳᠡᠪᠲᠡᠷ ᠤᠨ ᠬᠠᠭᠤᠯᠪᠤᠷᠢ ᠭᠤᠷᠪᠠᠨ ᠬᠤᠪᠢ᠃ | ︵ᠭᠤᠷᠪᠠ︶ ᠨᠤᠲᠤᠭ ᠪᠡᠯᠴᠢᠭᠡᠷ ᠢ ᠳᠠᠭᠠᠭᠠᠴᠢᠯᠠᠭᠤᠯᠬᠤ᠂ ᠰᠢᠯᠵᠢᠬᠦᠯᠦᠨ ᠬᠡᠷᠡᠭᠯᠡᠬᠦ ᠭᠡᠷ᠎ᠡ ᠪᠢᠴᠢᠭ ᠤᠨ ᠤᠭ | ᠮᠠᠲ᠋ᠧᠷᠢᠶᠠᠯ ᠵᠢᠴᠢ ᠪᠠᠭᠤᠯᠭᠠᠪᠤᠷᠢ ᠭᠤᠷᠪᠠᠨ ᠬᠤᠪᠢ᠃ | ︵ᠳᠥᠷᠪᠡ︶ ᠠᠮᠢᠳᠤᠷᠠᠯ ᠤᠨ ᠲᠣᠭᠤᠷᠢᠭ᠂ ᠦᠢᠯᠡᠳᠪᠦᠷᠢᠯᠡᠯ ᠤᠨ ᠲᠣᠭᠤᠷᠢᠭ ᠵᠢᠴᠢ ᠲᠠᠷᠢᠶᠠᠯᠠᠩ ᠤᠨ ᠮᠠᠰᠢᠨ | ᠮᠧᠬᠠᠨᠢᠭ᠂ ᠮᠠᠯ ᠰᠦᠷᠦᠭ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠬᠡᠷᠡᠯ ᠵᠢᠷᠤᠭ ᠲᠣᠰ ᠲᠣᠰ ᠭᠤᠷᠪᠠᠨ | ᠬᠤᠪᠢ᠃ | ︵ᠲᠠᠪᠤ︶ ᠠᠮᠢ ᠠᠬᠤᠢ ᠶᠢᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠭᠤᠶᠤᠴᠢᠯᠠᠬᠤ ᠳᠤ ︽ | ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠮᠠᠯᠠᠯᠲᠠ ᠶᠢᠨ | ᠪᠢᠴᠢᠭ︾ ︵ᠳᠠᠭᠠᠯᠳᠤᠭᠤᠯᠤᠯ 4︶ ᠭᠤᠷᠪᠠᠨ ᠬᠤᠪᠢ ᠬᠠᠩᠭᠠᠬᠤ ᠬᠡᠷᠡᠭᠲᠡᠢ᠃ | ︵ᠵᠢᠷᠭᠤᠭ᠎ᠠ︶ ᠠᠵᠤ ᠦᠢᠯᠡᠰ ᠤᠨ ᠠᠭᠤᠰᠤᠯᠴᠠᠭᠰᠠᠨ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢ ᠭᠤᠶᠤᠴᠢᠯᠠᠬᠤ ᠳᠤ ᠭᠡᠷ ᠪᠦᠯᠢ ᠶᠢᠨ ᠪᠦᠷᠢᠯᠳᠦᠭᠦᠨ ᠤ ᠡᠷᠡᠭᠦᠯ ᠮᠡᠨᠳᠦ ᠶᠢᠨ ᠦᠨᠡᠮᠯᠡᠯ ᠤᠨ ᠪᠠᠭᠤᠯᠭᠠᠪᠤᠷᠢ | ᠭᠤᠷᠪᠠᠨ ᠬᠤᠪᠢ ᠬᠠᠩᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠦᠨᠡᠯᠡᠬᠦ ᠳᠡᠰ ᠳᠠᠷᠠᠭᠠᠯᠠᠯ | ᠠᠷᠪᠠᠨ ᠨᠢᠭᠡᠳᠦᠭᠡᠷ ᠵᠦᠢᠯ ᠦᠨᠡᠯᠡᠨ ᠲᠣᠭᠲᠠᠭᠠᠬᠤ | ︵ᠨᠢᠭᠡ︶ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠠᠯᠠᠭ᠎ᠠ ᠮᠥᠴᠢᠷ ᠠᠴᠠ ᠮᠡᠳᠡᠬᠦᠯᠦᠭᠰᠡᠨ ᠮᠠᠲ᠋ᠧᠷᠢᠶᠠᠯ ᠨᠢ ᠪᠦᠷᠢᠨ ᠭᠦᠢᠴᠡᠳ᠂ ᠨᠥᠬᠦᠴᠡᠯ ᠳᠤ ᠨᠡᠶᠢᠴᠡᠭᠰᠡᠨ | ᠭᠤᠶᠤᠴᠢᠯᠠᠭᠰᠠᠨ ᠡᠷᠦᠬᠡ ᠳᠤ ᠲᠤᠬᠠᠢ ᠶᠢᠨ ᠲᠠᠯᠠᠪᠠᠶ ᠳᠤ ᠨᠢ ᠬᠦᠷᠴᠦ ᠬᠢᠨᠠᠨ ᠪᠠᠶᠢᠴᠠᠭᠠᠯᠲᠠ ᠬᠢᠵᠦ ᠦᠨᠡᠯᠡᠨ | ᠲᠣᠭᠲᠠᠭᠠᠨ᠎ᠠ᠃ | ︵ᠬᠤᠶᠠᠷ︶ ᠲᠤᠬᠠᠢ ᠶᠢᠨ ᠲᠠᠯᠠᠪᠠᠶ ᠳᠤ ᠬᠢᠨᠠᠨ ᠪᠠᠶᠢᠴᠠᠭᠠᠵᠤ ᠦᠨᠡᠯᠡᠨ ᠲᠣᠭᠲᠠᠭᠠᠬᠤ ᠳᠤ ︽ᠪᠠᠷᠠᠭᠤᠨ | ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠳᠤ ᠲᠣᠭᠲᠠᠭᠠᠭᠰᠠᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠣᠰᠣᠭᠠᠷ᠂ ᠵᠦᠢᠯ ᠳᠠᠷᠠᠭᠠᠯᠠᠨ | ᠬᠠᠷᠭᠤᠭᠤᠯᠤᠨ ᠪᠠᠶᠢᠴᠠᠭᠠᠬᠤ ᠶᠢᠨ ᠬᠠᠮᠲᠤ ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢᠨ ᠲᠤᠬᠠᠢ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ 3︶ ᠶᠢ | ᠲᠠᠭᠯᠠᠨ ᠪᠢᠴᠢᠬᠦ ᠬᠡᠷᠡᠭᠲᠡᠢ᠃ | ︵ᠭᠤᠷᠪᠠ︶ ᠲᠤᠬᠠᠢ ᠶᠢᠨ ᠲᠠᠯᠠᠪᠠᠶ ᠶᠢᠨ ᠬᠢᠨᠠᠨ ᠪᠠᠶᠢᠴᠠᠭᠠᠵᠤ ᠦᠨᠡᠯᠡᠨ ᠲᠣᠭᠲᠠᠭᠠᠬᠤ ᠪᠦᠷᠢᠯᠳᠦᠭᠦᠨ ᠢ | ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ᠂ ᠰᠤᠮᠤ ᠪᠠᠯᠭᠠᠰᠤ᠂ | ᠭᠠᠴᠠᠭᠠᠨ ᠤ ᠡᠭᠦᠷ ᠵᠥᠪᠯᠡᠯ ᠤᠨ ᠪᠦᠷᠢᠯᠳᠦᠭᠦᠨ ᠢᠶᠠᠷ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ ᠢ ᠤᠷᠢᠨ | ᠣᠷᠣᠯᠴᠠᠭᠤᠯᠵᠤ ᠪᠣᠯᠣᠨ᠎ᠠ᠃ | ᠲᠠᠪᠤᠳᠤᠭᠠᠷ ᠪᠦᠯᠦᠭ ᠠᠵᠢᠯᠯᠠᠭᠠᠨ ᠤ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠬᠢᠷᠢ ᠬᠡᠮ ᠤᠨ ᠣᠨ ᠤ ᠬᠢᠨᠠᠯᠲᠠ | ᠪᠠ ᠳᠠᠬᠢᠨ ᠬᠢᠨᠠᠯᠲᠠ ᠶᠢᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠬᠢᠷᠢ ᠬᠡᠮ ᠤᠨ ᠣᠨ ᠤ | ᠬᠢᠨᠠᠨ ᠪᠠᠶᠢᠴᠠᠭᠠᠯᠲᠠ ᠶᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠠᠶᠢᠭ᠎ᠠ ᠭᠠᠴᠠᠭᠠᠨ ᠤ ︽ᠡᠭᠦᠷ ᠵᠥᠪᠯᠡᠯ︾ | ᠠᠴᠠ ᠵᠢᠯ ᠪᠦᠷᠢ ᠨᠢᠭᠡ ᠤᠳᠠᠭ᠎ᠠ ᠬᠢᠬᠦ ᠶᠢᠨ ᠬᠠᠮᠲᠤ ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ | ᠮᠠᠯᠵᠢᠯ ᠤᠨ ᠲᠠᠯᠠᠪᠠᠶ ᠶᠢᠨ ᠬᠢᠷᠢ ᠬᠡᠮ ᠤᠨ ᠣᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ | 2︶ ᠶᠢ ᠲᠠᠭᠯᠠᠵᠤ᠂ ᠳᠠᠬᠢᠨ ᠬᠢᠨᠠᠯᠲᠠ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠯᠠᠭ᠎ᠠ ᠮᠥᠴᠢᠷ ᠠᠴᠠ ᠭᠤᠷᠪᠠᠨ ᠵᠢᠯ ᠳᠤ ᠨᠢᠭᠡ ᠤᠳᠠᠭ᠎ᠠ ᠬᠢᠵᠦ᠂ ᠬᠢᠨᠠᠨ ᠬᠠᠷᠭᠤᠭᠤᠯᠬᠤ | ᠪᠠᠷᠢᠮᠵᠢᠶ᠎ᠠ ᠶᠢ ᠲᠣᠭᠲᠠᠭᠠᠭᠰᠠᠨ ᠦᠨᠡᠯᠡᠨ ᠲᠣᠭᠲᠠᠭᠠᠬᠤ ᠪᠠᠷᠢᠮᠵᠢᠶ᠎ᠠ᠂ ᠮᠡᠳᠡᠭᠦᠯᠬᠦ ᠪᠠ ᠦᠨᠡᠯᠡᠨ ᠲᠣᠭᠲᠠᠭᠠᠬᠤ ᠲᠠᠰ | ᠳᠠᠷᠠᠭᠠᠯᠠᠯ ᠢᠶᠠᠷ ᠶᠠᠪᠤᠭᠳᠠᠭᠤᠯᠤᠨ᠎ᠠ᠃ ᠨᠢᠭᠡᠨᠲᠡ ᠦᠨᠡᠯᠡᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠬᠢᠨᠠᠨ | ᠬᠠᠷᠭᠤᠭᠤᠯᠵᠤ ᠪᠠᠲᠤᠯᠠᠭᠰᠠᠨ ᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ | ᠮᠠᠯᠵᠢᠯ ᠤᠨ ᠲᠠᠯᠠᠪᠠᠶ ᠪᠠᠷ ᠦᠨᠡᠯᠡᠭᠰᠡᠨ ᠦᠨᠡᠮᠯᠡᠯ︾ ᠳᠡᠭᠡᠷ᠎ᠡ ᠬᠢᠨᠠᠨ ᠬᠠᠷᠭᠤᠭᠤᠯᠵᠤ ᠪᠠᠲᠤᠯᠠᠭᠰᠠᠨ ᠭᠠᠷ ᠤᠨ | ᠥᠰᠥᠭ ᠵᠢᠷᠤᠨ᠎ᠠ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠦᠶᠯᠡ ᠠᠵᠢᠯᠯᠠᠭ᠎ᠠ ᠣᠷᠣᠰᠢᠵᠤ | ᠪᠠᠶᠢᠬᠤ ᠪᠥᠭᠡᠳ ᠵᠢᠯ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠦᠭᠡᠢ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠦᠨᠡᠯᠡᠭᠰᠡᠨ ᠦᠨᠡᠮᠯᠡᠯ︾ ᠢ ᠨᠢ ᠬᠦᠴᠦᠨ ᠦᠭᠡᠢ | ᠪᠣᠯᠭᠠᠨ᠎ᠠ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠢᠷᠢ | ᠬᠡᠮ ᠢ ᠨᠢ ᠬᠠᠰᠤᠨ᠎ᠠ᠄ | 1. ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠮᠡᠳᠡᠭᠦᠯᠬᠦ ᠪᠠ ᠳᠠᠬᠢᠨ ᠬᠢᠨᠠᠬᠤ ᠶᠠᠪᠤᠴᠠ ᠳᠤ ᠬᠤᠳᠠᠯ | ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠬᠡᠮ ᠦᠢᠯᠡᠳᠦᠭᠰᠡᠨ ᠦᠶᠯᠡ ᠠᠵᠢᠯᠯᠠᠭ᠎ᠠ ᠲᠠᠢ ᠪᠠᠶᠢᠬᠤ᠃ | 2. ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ ᠳᠤ ᠤᠯᠤᠰ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠵᠥᠷᠢᠴᠡᠵᠦ᠂ ᠬᠠᠤᠯᠢ ᠰᠠᠬᠢᠯᠭ᠎ᠠ ᠶᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠬᠤ᠃ | 3. ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠠᠶᠤᠯᠭᠦᠢ ᠦᠢᠯᠡᠳᠪᠦᠷᠢᠯᠡᠯ ᠤᠨ ᠠᠳᠡᠯ ᠪᠠ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠭᠠᠷᠤᠭᠰᠠᠨ᠃ | 4. ᠭᠡᠷ ᠪᠦᠯᠢ ᠶᠢᠨ ᠡᠵᠡᠩᠨᠡᠯᠲᠡ ᠶᠢᠨ ᠪᠠᠶᠢᠳᠠᠯ ᠨᠢ ᠲᠣᠰ ᠬᠠᠮᠢᠶᠠᠷᠤᠯᠲᠠ ᠶᠢᠨ ᠠᠷᠭ᠎ᠠ ᠳᠤ ᠲᠣᠭᠲᠠᠭᠠᠭᠰᠠᠨ 4 | ᠲᠥᠷᠥᠯ ᠬᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ | ᠦᠭᠡᠢ ᠪᠣᠯᠤᠭᠰᠠᠨ ᠪᠥᠭᠡᠳ ᠭᠠᠴᠠᠭ᠎ᠠ᠂ ᠰᠤᠮᠤ ᠪᠠᠯᠭᠠᠰᠤ ᠠᠴᠠ ᠳᠠᠬᠢᠨ ᠬᠢᠨᠠᠭᠠᠳ ᠬᠢᠷᠢ ᠲᠡᠩᠴᠡᠭᠰᠡᠨ ᠦᠭᠡᠢ ᠶᠢᠨ | ᠰᠡᠭᠦᠯᠡᠷ᠂ ᠬᠠᠭᠠᠰ ᠵᠢᠯ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠦᠭᠡᠢ᠃ | ᠠᠷᠪᠠᠨ ᠭᠤᠷᠪᠠᠳᠤᠭᠠᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠷᠦᠬᠡ ᠨᠢ ᠭᠠᠴᠠᠭᠠᠨ ᠤ ︽ | ᠡᠭᠦᠷ ᠵᠥᠪᠯᠡᠯ︾᠂ ᠰᠤᠮᠤ ᠪᠠᠯᠭᠠᠰᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨᠠᠯᠲᠠ | ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠭᠡᠷᠡᠴᠢᠯᠡᠯ ᠤᠨ ᠬᠢᠷᠢ ᠬᠡᠮ ᠣᠯᠣᠭᠰᠠᠨ ᠭᠡᠷ | ᠪᠦᠯᠢ ᠶᠢᠨ ᠮᠠᠯᠵᠢᠯ ᠤᠨ ᠲᠠᠯᠠᠪᠠᠶ ᠵᠢᠯ ᠪᠦᠷᠢ ᠶᠢᠨ ᠬᠤᠶᠠᠳᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ | ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠪᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠢᠶᠠᠨ ᠮᠡᠳᠡᠭᠦᠯᠬᠦ ᠶᠢᠨ ᠬᠠᠮᠲᠤ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ | ᠮᠡᠳᠡᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠵᠢᠯ ᠪᠦᠷᠢ ᠶᠢᠨ 6 | ᠰᠠᠷ᠎ᠠ ᠶᠢᠨ 30 ᠤ ᠡᠳᠦᠷ ᠠᠴᠠ ᠡᠮᠦᠨ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠪᠠᠶᠢᠭᠤᠯᠤᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ | ᠰᠢᠰᠲ᠋ᠧᠮ ᠢᠶᠠᠷ ᠳᠠᠮᠵᠢᠭᠤᠯᠤᠨ ᠳᠡᠭᠡᠷ᠎ᠡ ᠨᠢᠭᠡ ᠵᠢᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠢᠯᠡ | ᠨᠡᠶᠢᠲᠡᠯᠡᠨ᠎ᠡ᠃ | ᠠᠷᠪᠠᠨ ᠳᠥᠷᠪᠡᠳᠦᠭᠡᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠷᠢᠳᠬᠡᠨ ᠳᠠᠩᠰᠠᠯᠠᠭᠤᠯᠤᠭᠰᠠᠨ | ᠵᠦᠢᠯᠡᠰ ᠲᠤ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠤᠪᠢᠷᠠᠭᠤᠯᠤᠨ ᠳᠠᠩᠰᠠᠯᠠᠭᠤᠯᠬᠤ ᠪᠠᠷ ᠭᠤᠶᠤᠴᠢᠯᠠᠵᠤ᠂ ᠬᠠᠮᠢᠶ᠎ᠠ ᠪᠦᠬᠦᠢ ᠦᠨᠡᠮᠯᠡᠯ ᠢ ᠰᠣᠯᠢᠵᠤ ᠠᠪᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠯᠠᠭ᠎ᠠ ᠮᠥᠴᠢᠷ ᠨᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠭᠴᠢ ᠵᠢᠴᠢ ᠲᠡᠭᠦᠨ ᠤ | ᠪᠦᠷᠢᠯᠳᠦᠭᠦᠨ ᠳᠤ ᠪᠣᠯᠪᠠᠰᠤᠷᠠᠯ ᠬᠢᠬᠦ ᠶᠢ ᠬᠠᠷᠢᠭᠤᠴᠠᠨ᠎ᠠ᠃ | ᠠᠷᠪᠠᠨ ᠵᠢᠷᠭᠤᠳᠤᠭᠠᠷ ᠵᠦᠢᠯ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠳᠤ ︽ | ᠭᠤᠷᠪᠠ ᠶᠢ ᠬᠡᠯᠲᠦᠷᠢᠭᠦᠯᠬᠦ︾ ᠭᠠᠷᠳᠠᠮ ᠢ ᠬᠡᠷᠡᠭᠵᠢᠭᠦᠯᠦᠨ᠎ᠡ᠂ ᠲᠤᠬᠠᠶᠢᠯᠠᠪᠠᠯ ᠦᠨᠡᠯᠡᠨ ᠲᠣᠭᠲᠠᠭᠠᠬᠤ ᠵᠠᠷᠤᠳᠠᠯ᠂ | ᠦᠨᠡᠮᠯᠡᠯ ᠤᠨ ᠦᠨ᠎ᠡ ᠥᠷᠲᠡᠭ ᠤᠨ ᠵᠠᠷᠤᠳᠠᠯ ᠬᠤᠷᠢᠶᠠᠬᠤ ᠦᠭᠡᠢ᠂ ᠪᠡᠯᠡ ᠮᠥᠩᠭᠦ ᠰᠢᠯᠭᠠᠨ ᠪᠠᠶᠢᠴᠠᠭᠠᠭᠰᠠᠨ ᠪᠠ | ᠡᠳ᠋ ᠬᠥᠷᠥᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠲᠤᠰᠢᠶᠠᠬᠤ ᠠᠴᠠ ᠬᠡᠯᠲᠦᠷᠢᠭᠦᠯᠦᠨ᠎ᠡ᠃ | ᠠᠷᠪᠠᠨ ᠳᠣᠯᠣᠳᠤᠭᠠᠷ ᠵᠦᠢᠯ ᠪᠤᠰᠤᠳ ᠵᠦᠢᠯ | ︵ᠨᠢᠭᠡ︶ ᠲᠣᠰ ᠠᠷᠭ᠎ᠠ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ︵ᠬᠤᠶᠠᠷ︶ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2024 ᠣᠨ ᠤ | 6ᠰᠠᠷ᠎ᠠ ᠶᠢᠨ 6 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠳᠠᠷᠤᠮᠠᠯᠯᠠᠨ ᠲᠠᠷᠬᠠᠭᠠᠭᠰᠠᠨ ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠪᠠᠷᠠᠭᠤᠨ ᠵᠠᠰᠠᠭ ᠠᠯᠪᠠᠨ | ᠲᠠᠷᠬᠠᠭᠠᠭᠰᠠᠨ ﹇2024﹈ 40 ᠳ᠋ᠤᠭᠡᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠭᠡᠷ | 2025ᠣᠨ ᠤ 3 ᠰᠠᠷ᠎ᠠ ᠶᠢᠨ 24 ᠤ ᠡᠳᠦᠷ | | | | | | | | |