ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 115 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ  ᠤᠨ 11 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
     4 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠳᠤᠮᠳᠠᠳᠤ ᠤᠯᠤᠰ  ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 115 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ 2025 ᠣᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠵᠢᠴᠢ ᠠᠶᠢᠮᠠᠭ ᠢ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠵᠤ ᠬᠢᠨᠠᠨ ᠵᠥᠪᠯᠡᠪᠡ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯᠡᠰᠦ ᠶᠢ ᠰᠡᠷᠭᠡᠶᠢᠯᠡᠬᠦ ᠪᠠ ᠡᠯᠡᠰᠦ ᠶᠢ ᠵᠠᠰᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠣᠯᠭᠠᠬᠤ ᠬᠡᠷᠡᠭᠲᠡᠢ᠃ ᠵᠢᠭᠠᠪᠤᠷᠢ ᠶᠢᠨ ᠱᠠᠭᠠᠷᠳᠠᠯᠭ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠰᠠᠶᠢᠲᠤᠷ ᠠᠳᠬᠤᠨ᠂ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠡᠯᠡᠰᠦ ᠶᠢ ᠰᠡᠷᠭᠡᠶᠢᠯᠡᠬᠦ ᠪᠠ ᠡᠯᠡᠰᠦ ᠶᠢ ᠵᠠᠰᠠᠬᠤ ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠣᠪᠣᠷ ᠪᠠ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ  ᠶᠢ ᠪᠥᠬᠦ ᠲᠠᠯ᠎ᠠ ᠪᠠᠷ ᠲᠥᠯᠥᠪᠵᠢᠭᠦᠯᠦᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠤᠨ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠠᠩᠭᠢᠯᠠᠭ᠎ᠠ ᠶᠢ ᠢᠮᠠᠭᠲᠠ ᠠᠳᠬᠤᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠮᠦᠵᠢᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠂ ᠬᠥᠭᠵᠢᠯᠲᠡ ᠶᠢᠨ ᠵᠠᠭᠪᠤᠷ ᠢ ᠰᠢᠨ᠎ᠡ ᠪᠠᠷ ᠡᠭᠦᠳᠴᠦ᠂ ᠥᠭᠡᠷᠡᠴᠢᠯᠡᠯᠲᠡ ᠶᠢᠨ ᠠᠷᠭ᠎ᠠ ᠪᠠᠷ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠠᠶᠢᠮᠠᠭ ᠢ ᠪᠥᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ ᠪᠠᠨ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ ᠪᠠ ᠠᠯᠤᠰ ᠬᠡᠲᠦ ᠳᠤ ᠠᠰᠢᠭᠲᠠᠢ ᠪᠠᠲᠤᠯᠠᠭ᠎ᠠ ᠶᠢᠨ ᠦᠢᠯᠡᠳᠦᠯ ᠢ ᠨᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠠᠤᠯᠢᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠦᠨᠡᠨᠴᠢ ᠢᠲᠡᠭᠡᠮᠵᠢ  ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠦᠷᠦᠯ  ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ ᠭᠡᠵᠡᠢ᠃ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号