ᠶᠣᠣ ᠬᠤᠩ ᠭᠠᠩ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 24 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠯᠢ ᠵᠢᠩ ᠬᠤᠸᠠ ᠶᠤᠸᠠᠨ ᠲᠣᠭᠤᠷᠢᠭ ᠤᠨ ᠲᠥᠷᠥᠯ ᠵᠦᠢᠯ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠰᠤᠳᠤᠯᠵᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠣᠳᠣᠬᠢ ᠱᠠᠲᠤᠨ ᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃
         ᠯᠢ ᠵᠢᠩ ᠬᠤᠸᠠ ᠶᠤᠸᠠᠨ ᠲᠣᠭᠤᠷᠢᠭ ᠲᠤ᠂ ᠶᠣᠣ ᠬ᠊‍ᠣᠩ ᠭᠠᠩ ᠲᠦᠷᠦᠯ ᠵᠦᠢᠯ ᠤᠨ ᠬᠠᠷᠢᠭᠤᠴᠠᠯᠭᠠᠲᠠᠨ ᠤ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠢᠴᠢ ᠠᠳᠠᠯ ᠠᠬᠤᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠪᠣᠯᠣᠨ ᠠᠬᠢᠴᠠ ᠶᠢᠨ ᠲᠣᠬᠢᠷᠠᠭᠤᠯᠤᠯᠲᠠ ᠶᠢ ᠪᠠᠶᠢᠴᠠᠭᠠᠪᠠ᠃ ᠲᠡᠷᠡ ᠵᠢᠭᠠᠬᠤ ᠳᠠᠭᠠᠨ᠂ ᠰᠠᠭᠤᠭᠠᠯᠢ ᠲᠣᠭᠤᠷᠢᠭ ᠢ ᠰᠢᠨ᠎ᠡ ᠪᠠᠷ ᠪᠠᠶᠢᠭᠤᠯᠬᠤ ᠪᠣᠯ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠡᠷᠬᠡᠪᠰᠢ ᠴᠢᠩᠭ᠎ᠠ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠵᠡᠷᠭᠡᠪᠡᠷ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠣᠶᠣᠨᠴᠢᠯᠠᠭᠰᠠᠨ᠂ ᠡᠶ᠎ᠡ ᠵᠣᠬᠢᠴᠠᠩᠭᠤᠢ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠲᠦᠷᠦᠯ ᠵᠦᠢᠯ ᠢ ᠡᠷᠲᠡ ᠳᠠᠭᠤᠰᠬᠠᠵᠤ᠂ ᠤᠯᠠᠨ ᠲᠦᠮᠡᠨ ᠳᠤ ᠡᠷᠲᠡ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠵᠡᠢ᠃      ᠳᠠᠷᠠᠭ᠎ᠠ ᠨᠢ᠂ ᠶᠣᠣ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠲᠦᠷᠭᠡᠨ ᠬᠦᠷᠭᠡᠯᠲᠡ ᠶᠢᠨ ᠠᠩᠭᠢᠯᠠᠨ ᠢᠯᠭᠠᠬᠤ ᠲᠥᠪ᠂ ᠡᠯᠧᠺᠲᠷᠣᠨ ᠬᠤᠳᠠᠯᠳᠤᠭᠠᠨ ᠤ ᠰᠦᠯᠵᠢᠶᠡᠨ ᠬᠥᠮᠥᠷᠭᠡ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠶᠢᠨ ᠪᠠᠷᠢᠯᠭ᠎ᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠶᠣᠣ ᠬᠤᠩ ᠭᠠᠩ ᠴᠢᠬᠤᠯᠠᠴᠢᠯᠠᠬᠤ ᠳᠠᠭᠠᠨ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠲᠣᠰ ᠭᠠᠵᠠᠷ ᠤᠨ ᠣᠨᠴᠠᠯᠢᠭᠲᠤ ᠦᠢᠯᠡᠳᠬᠦᠨ ᠢ ︽ᠢᠨᠲ᠋ᠧᠷ ᠰᠦᠯᠵᠢᠶ᠎ᠡ +︾ ᠵᠠᠭᠪᠤᠷ ᠢᠶᠠᠷ ᠪᠥᠬᠦ ᠤᠯᠤᠰ ᠤᠨ ᠬᠡᠪᠴᠢᠶᠡᠨ ᠳᠤ ᠪᠣᠷᠣᠯᠠᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠪᠠ ᠭᠤᠷᠪᠠᠳᠤᠭᠠᠷ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠬᠤ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠪᠠᠷᠢᠯᠭ᠎ᠠ ᠶᠢᠨ ᠨᠢᠭᠡᠴᠡ ᠨᠢ ᠴᠠᠭ ᠬᠤᠭᠤᠴᠠᠭ᠎ᠠ ᠶᠢ ᠠᠮᠵᠢᠨ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠬᠦᠷᠢᠶᠡᠯᠡᠩ ᠲᠣᠭᠤᠷᠢᠭ ᠢ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠶᠢᠨ ᠬᠠᠮᠲᠤ᠂ ᠠᠷᠠᠯᠵᠢᠶᠠᠴᠢᠨ ᠤᠷᠢᠬᠤ ᠪᠠ ᠪᠠᠷᠠᠭᠠᠨ ᠤ ᠭᠦᠢᠯᠭᠡᠭᠡ ᠶᠢ ᠢᠵᠢ ᠪᠦᠷᠢᠳᠦᠭᠦᠯᠬᠦ ᠶᠢ ᠤᠷᠢᠳᠴᠢᠯᠠᠨ ᠰᠦᠪᠡᠭᠴᠢᠯᠡᠵᠦ᠂ ᠪᠥᠬᠦ ᠬᠤᠰᠢᠭᠤᠨ ᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃              ᠪᠠᠶᠢᠴᠠᠭᠠᠨ ᠰᠤᠳᠤᠯᠤᠯᠲᠠ ᠳᠤᠮᠳᠠ᠂ ᠶᠣᠣ ᠬᠤᠩ ᠭᠠᠩ ᠪᠠᠰᠠ ᠬᠢᠨᠠᠨ ᠬᠠᠮᠢᠶᠠᠷᠬᠤ ᠨᠢᠭᠡᠴᠡ ᠵᠢᠴᠢ ᠪᠠᠷᠢᠯᠭ᠎ᠠ ᠶᠢᠨ ᠨᠢᠭᠡᠴᠡ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠡᠭᠡᠷ᠎ᠡ ᠠᠵᠢᠯᠯᠠᠬᠤ᠂ ᠲᠣᠨᠤᠭ ᠲᠥᠬᠦᠭᠡᠷᠦᠮᠵᠢ ᠶᠢ ᠠᠵᠢᠯᠯᠠᠭᠤᠯᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠣᠨᠴᠠᠭᠠᠶᠢᠯᠠᠨ ᠰᠠᠨᠠᠭᠤᠯᠪᠠ᠃ ᠬᠤᠰᠢᠭᠤ ᠳᠡᠳ᠋ ᠳᠠᠷᠤᠭ᠎ᠠ ᠮᠧᠩ ᠹᠠᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号