ᠶᠣᠣ ᠬᠤᠩ ᠭᠠᠩ ᠬᠠᠶᠢᠷᠠᠭᠤᠴᠠᠢ ᠪᠡᠶ᠎ᠡ ᠶᠢᠨ ᠲᠠᠮᠢᠷ ᠤᠨ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/4/27
     4 ᠰᠠᠷ᠎ᠠ ᠶᠢᠨ 24 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠠᠶᠢᠷᠠᠭᠤᠴᠠᠢ ᠪᠡᠶ᠎ᠡ ᠶᠢᠨ ᠲᠠᠮᠢᠷ ᠤᠨ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠢᠨᠵᠧᠨᠧᠷᠢᠩ ᠤᠨ ᠠᠬᠢᠴᠠ ᠶᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠵᠢᠯ ᠤᠨ ᠬᠤᠷᠠᠯ ᠬᠤᠷᠠᠯᠳᠤᠭᠤᠯᠪᠠ᠃ ᠶᠣᠣ ᠬᠤᠩ ᠭᠠᠩ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠮᠤᠷ ᠲᠦᠪᠰᠢᠨ ᠢ ᠴᠢᠩᠭ᠎ᠠ ᠪᠠᠲᠤᠯᠠᠭᠰᠠᠨ ᠤᠷᠢᠲᠠᠯ ᠳᠣᠣᠷ᠎ᠠ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ᠠᠬᠢᠴᠠ ᠶᠢ ᠲᠦᠷᠭᠡᠳᠬᠡᠨ᠂ ᠡᠨᠡ ᠬᠦ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠲᠤᠰᠢᠶᠠᠵᠤ᠂ ᠪᠥᠬᠦ ᠬᠤᠰᠢᠭᠤᠨ ᠤ ᠣᠯᠠᠨ ᠲᠦᠮᠡᠨ ᠳᠤ ᠡᠷᠲᠡᠬᠡᠨ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠬᠤᠰᠢᠭᠤ ᠳᠡᠳ᠋ ᠳᠠᠷᠤᠭ᠎ᠠ ᠮᠧᠩ ᠹᠠᠨ ᠸᠧᠢ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠡ ᠵᠢᠴᠢ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
    ᠶᠣᠣ ᠬᠤᠩ ᠭᠠᠩ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠠᠮᠤᠷ ᠲᠦᠪᠰᠢᠨ ᠤ ᠬᠠᠮᠢᠶᠠᠷᠤᠯᠲᠠ ᠵᠢᠴᠢ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠪᠠᠷᠢᠯᠭ᠎ᠠ ᠶᠢᠨ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠪᠠᠷᠢᠯᠭ᠎ᠠ ᠶᠢᠨ ᠠᠵᠢᠯ ᠤᠨ ᠬᠦᠴᠢᠷᠳᠡᠯ ᠤᠨ ᠲᠤᠬᠠᠢ ᠲᠥᠷᠥᠯ ᠵᠦᠢᠯ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠵᠢᠭᠠᠵᠤ ᠭᠠᠷᠭᠠᠭᠰᠠᠨ ᠨᠢ᠂ ᠬᠠᠶᠢᠷᠠᠭᠤᠴᠠᠢ ᠪᠡᠶ᠎ᠡ ᠶᠢᠨ ᠲᠠᠮᠢᠷ ᠤᠨ ᠲᠥᠪ ᠤᠨ ᠲᠥᠷᠥᠯ ᠵᠦᠢᠯ ᠪᠣᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠮᠥᠨ᠂ ᠪᠠᠰᠠ ᠴᠤ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠵᠠᠩᠭᠢᠯᠠᠭ᠎ᠠ ᠶᠢᠨ ᠲᠥᠷᠥᠯ ᠵᠦᠢᠯ ᠮᠥᠨ᠃ ᠪᠠᠷᠢᠯᠭ᠎ᠠ ᠳᠤ ᠣᠷᠣᠯᠴᠠᠭᠰᠠᠨ ᠡᠯ᠎ᠡ ᠨᠢᠭᠡᠴᠡ ᠨᠢ ᠪᠠᠷᠢᠯᠭ᠎ᠠ ᠳᠠᠭᠤᠰᠬᠠᠬᠤ ᠬᠠᠷᠠᠯᠲᠠ ᠪᠠᠨ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠪᠠᠨ ᠵᠣᠬᠢᠰᠲᠠᠢ ᠲᠣᠬᠢᠷᠠᠭᠤᠯᠤᠨ᠂ ᠲᠥᠯᠥᠪᠯᠡᠭᠡ ᠲᠠᠢ ᠪᠠᠷ ᠠᠬᠢᠭᠤᠯᠵᠤ᠂ ᠪᠠᠷᠢᠯᠭ᠎ᠠ ᠶᠢᠨ ᠠᠵᠢᠯ ᠤᠨ ᠳᠠᠷᠠᠭᠠᠯᠠᠯ ᠢᠶᠠᠨ ᠰᠢᠯᠢᠳᠡᠭᠵᠢᠭᠦᠯᠦᠨ᠂ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ  ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠶᠠᠪᠤᠴᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠨᠴᠠᠭᠠᠶᠢᠯᠠᠨ ᠲᠠᠮᠢᠷ ᠤᠨ ᠲᠠᠯᠠᠪᠠᠢ ᠪᠠ ᠲᠠᠮᠢᠷ ᠤᠨ ᠣᠷᠳᠣᠨ ᠣᠷᠳᠣᠨ ᠤ ᠴᠢᠳᠠᠮᠵᠢᠲᠤ ᠴᠢᠨᠠᠷ᠂ ᠳᠠᠭᠠᠭᠠᠮᠠᠭᠠᠢ ᠴᠢᠨᠠᠷ ᠪᠠ ᠬᠠᠷᠰᠢ ᠰᠠᠭᠠᠳ ᠦᠭᠡᠢ ᠲᠥᠬᠦᠭᠡᠷᠦᠮᠵᠢ ᠶᠢ ᠨᠠᠷᠢᠯᠢᠭᠵᠢᠭᠤᠯᠤᠨ ᠪᠠᠶᠢᠭᠤᠯᠬᠤ ᠶᠢ ᠴᠢᠬᠤᠯᠠᠴᠢᠯᠠᠵᠤ᠂ ᠰᠢᠯᠭᠠᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠣᠳᠣᠨ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠡᠢ᠃
    ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠢ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠠᠴᠠ ᠬᠠᠷᠢᠭᠤᠴᠠᠨ ᠲᠥᠯᠥᠪᠯᠡᠵᠦ᠂ ︽ᠬᠠᠶᠢᠷᠠᠭᠤᠴᠠᠢ ᠶᠢᠨ ᠵᠢᠭᠦᠷ᠂ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ︾ ᠢᠶᠠᠷ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠣᠯᠭᠠᠵᠤ ᠂ ︽ᠬᠠᠶᠢᠷᠠᠭᠤᠴᠠᠢ ᠶᠢᠨ ᠵᠢᠭᠦᠷ︾ ᠢᠶᠠᠷ ᠵᠢᠷᠤᠭ ᠲᠥᠯᠥᠪᠯᠡᠭᠡ ᠶᠢᠨ ᠡᠬᠢᠯᠡᠯᠲᠡ ᠶᠢᠨ ᠴᠡᠭ ᠪᠣᠯᠭᠠᠵᠤ᠂ ᠬᠠᠭᠠᠰ ᠲᠣᠭᠤᠷᠢᠭ ᠬᠡᠯᠪᠡᠷᠢ ᠪᠠᠷ ᠲᠥᠯᠥᠪᠯᠡᠭᠰᠡᠨ ᠨᠢ ᠶᠠᠭ ᠨᠢᠭᠡᠨ ᠬᠤᠣᠰ ᠳᠡᠭᠦᠯᠢᠨ ᠨᠢᠰᠬᠦ ᠵᠢᠭᠦᠷ ᠮᠡᠲᠦ ᠪᠠᠶᠢᠵᠤ᠂ ᠡᠷᠬᠡ ᠲᠡᠭᠰᠢ ᠪᠠᠷ ᠥᠷᠢᠰᠦᠯᠳᠦᠬᠦ᠂ ᠬᠠᠷᠢᠯᠴᠠᠨ ᠬᠠᠪᠰᠤᠷᠤᠯᠴᠠᠬᠤ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠪᠡᠯᠭᠡᠳᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠤᠨ ᠦᠢᠯᠡᠰ ᠤᠨ ᠡᠳᠦᠷ ᠠᠴᠠ ᠡᠳᠦᠷ ᠥᠭᠡᠳᠡᠯᠡᠨ ᠬᠥᠭᠵᠢᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠡᠢ᠃ ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠠᠭᠤᠷ ᠠᠮᠢᠰᠬᠤᠯ ᠤᠨ ᠣᠨᠴᠠᠯᠢᠭ ᠵᠢᠴᠢ ᠲᠣᠰ ᠭᠠᠵᠠᠷ ᠣᠷᠣᠨ ᠤ ᠣᠯᠠᠨ ᠲᠦᠮᠡᠨᠴᠢ ᠬᠥᠳᠡᠯᠭᠡᠭᠡᠨ  ᠤ ᠳᠠᠳᠬᠠᠯ ᠲᠠᠢ ᠤᠶᠠᠯᠳᠤᠭᠤᠯᠤᠨ᠂ ᠲᠠᠮᠢᠷ ᠤᠨ ᠲᠠᠯᠠᠪᠠᠢ ᠪᠠ ᠲᠠᠮᠢᠷ ᠤᠨ ᠣᠷᠳᠣᠨ ᠤ ᠬᠡᠷᠡᠯ ᠲᠤᠰᠤᠯᠲᠠ᠂ ᠳᠤᠯᠠᠭᠠᠨ ᠢ ᠬᠠᠮᠠᠭᠠᠯᠠᠬᠤ ᠵᠢᠴᠢ ᠰᠠᠯᠬᠢ ᠡᠯᠡᠰᠦ ᠶᠢ  ᠰᠡᠷᠭᠡᠶᠢᠯᠡᠬᠦ ᠴᠢᠳᠠᠮᠵᠢ ᠶᠢ ᠰᠢᠯᠢᠳᠡᠭᠵᠢᠭᠦᠯᠬᠦ ᠶᠢᠨ ᠬᠠᠮᠲᠤ ᠦᠵᠡᠮᠵᠢ ᠶᠢᠨ ᠵᠢᠷᠤᠭ ᠲᠥᠯᠥᠪᠯᠡᠭᠡ ᠳᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠡ ᠤᠭᠠᠯᠵᠠ ᠶᠢ ᠣᠷᠤᠭᠤᠯᠵᠤ᠂ ᠬᠡᠷᠡᠭᠯᠡᠭᠡᠨ ᠤ ᠴᠢᠨᠠᠷ ᠪᠠ ᠰᠣᠶᠣᠯ ᠤᠨ ᠲᠡᠮᠳᠡᠭ ᠤᠨ ᠴᠢᠨᠠᠷ ᠲᠠᠢ᠂ ᠭᠠᠵᠠᠷ ᠣᠷᠣᠨ ᠤ ᠣᠨᠴᠠᠯᠢᠭ ᠲᠠᠢ ᠪᠠᠷᠢᠯᠭ᠎ᠠ ᠶᠢ ᠴᠣᠭᠴᠠᠯᠠᠬᠤ ᠪᠠᠷ ᠲᠥᠰᠥᠪᠯᠡᠵᠡᠢ᠃ ᠲᠤᠰ ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ 6.78 ᠲᠦᠮᠡᠨ ᠬᠠᠪᠲᠠᠭᠠᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 3.06 ᠲᠦᠮᠡᠨ ᠬᠠᠪᠲᠠᠭᠠᠢ ᠳᠥᠷᠪᠡᠯᠵᠢᠨ ᠮᠧᠲᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 2.78 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠤᠮᠪᠠᠯᠲᠠ ᠶᠢᠨ ᠣᠷᠳᠣᠨ᠂ ᠲᠣᠣᠷ ᠪᠥᠮᠪᠦᠭᠡ ᠶᠢᠨ ᠣᠷᠳᠣᠨ᠂ ᠥᠳᠥᠨ ᠪᠥᠮᠪᠦᠭᠡ ᠶᠢᠨ ᠣᠷᠳᠣᠨ ᠵᠡᠷᠭᠡ ᠣᠯᠠᠨ ᠵᠦᠢᠯ ᠤᠨ ᠴᠢᠳᠠᠮᠵᠢᠲᠤ ᠣᠷᠣᠨ ᠢ ᠬᠠᠮᠤᠷᠴᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂ ᠲᠣᠰ ᠭᠠᠵᠠᠷ ᠤᠨ ᠰᠠᠭᠤᠭᠠᠯᠢ ᠠᠷᠠᠳ ᠲᠤ ᠪᠥᠬᠦ ᠠᠷᠠᠳ ᠢᠶᠠᠷ  ᠢᠶᠠᠨ ᠪᠥᠬᠦ ᠤᠯᠠᠷᠢᠯ ᠳᠤ ᠠᠰᠢᠭᠯᠠᠵᠤ ᠳᠡᠶᠢᠯᠬᠦ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠬᠠᠩᠭᠠᠵᠤ᠂ ᠪᠠᠷᠠᠭᠤᠨ ᠦᠵᠦᠮᠦᠴᠢᠨ ᠬᠤᠰᠢᠭᠤ ᠶᠢ ᠤᠯᠤᠰ ᠤᠨ ᠳᠣᠲᠣᠭᠠᠳᠤ ᠳᠠᠬᠢ ᠲᠠᠯ᠎ᠠ ᠨᠤᠲᠤᠭ ᠤᠨ ᠠᠮᠢ ᠠᠬᠤᠢ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠭᠤᠯᠴᠢᠯᠠᠯ ᠤᠨ ᠨᠡᠷᠡᠲᠦ ᠣᠷᠣᠨ ᠪᠣᠯᠭᠠᠨ ᠪᠦᠲᠦᠭᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠣᠨ᠎ᠠ᠃
             
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号