ᠪᠠᠷᠠᠭᠤᠨ ᠦᠵᠦᠮᠦᠴᠢᠨ ᠬᠤᠰᠢᠭᠤᠨ ᠤ ᠠᠩᠬᠠᠳᠠᠭᠴᠢ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭ᠎ᠠ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/4/27
    ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠧᠢ ᠬᠠᠢ ᠴᠤᠤ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ︾ ᠶᠢᠨ ᠲᠣᠬᠠᠢ ᠶᠠᠷᠢᠵᠤ᠂ ᠬᠥᠮᠥᠰ ᠤᠨ ᠠᠩᠬᠠᠷᠤᠯ ᠢ ᠲᠠᠳᠠᠵᠤ᠂ ᠡᠭᠦᠨ ᠢ ᠲᠠᠭᠠᠯᠳᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠴᠦ  ᠬᠥᠭᠵᠢᠶᠡᠨ ᠲᠠᠢ ᠪᠣᠯᠣᠭᠰᠠᠨ ᠪᠠᠶᠢᠨ᠎ᠠ᠃     4 ᠰᠠᠷ᠎ᠠ ᠶᠢᠨ 25 ᠤ ᠡᠳᠦᠷ᠂ ᠣᠳᠬᠠᠨᠴᠢᠮᠡᠭ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭᠠᠨ ᠳᠤ ᠬᠦᠷᠴᠦ ᠡᠮᠨᠡᠭᠦᠯᠪᠡ᠃ ᠲᠡᠭᠦᠨ ᠤ ᠪᠡᠶ᠎ᠡ ᠶᠢᠨ ᠥᠨᠳᠥᠷ ᠨᠢ 161cm᠂ ᠪᠡᠶ᠎ᠡ ᠶᠢᠨ ᠬᠦᠨᠳᠦ ᠨᠢ 86.5kg᠂ BMI ( ᠪᠡᠶ᠎ᠡ ᠶᠢᠨ ᠬᠦᠨᠳᠦ ᠶᠢᠨ ᠢᠯᠡᠳᠬᠡᠭᠴᠢ ᠲᠤᠭ᠎ᠠ ) ᠨᠢ 33.1 ᠪᠠᠶᠢᠵᠤ᠂ ᠠᠨᠠᠭᠠᠬᠤ ᠤᠬᠠᠭᠠᠨ ᠤ ᠪᠠᠷᠢᠮᠵᠢᠶ᠎ᠠ ᠶᠢ ᠦᠨᠳᠦᠰᠦᠯᠡᠪᠡᠯ ᠂ ᠨᠢᠭᠡᠨᠲᠡ ᠮᠠᠷᠢᠶ᠎ᠠ ᠲᠠᠢ ᠬᠡᠪᠴᠢᠶᠡᠨ ᠳᠤ ᠣᠷᠣᠭᠰᠠᠨ ᠪᠠᠶᠢᠨ᠎ᠠ᠃ ᠡᠮᠴᠢ ᠠᠴᠠ ᠲᠡᠭᠦᠨ ᠤ ᠪᠡᠶ᠎ᠡ ᠮᠠᠬᠠᠪᠤᠳ ᠵᠢᠴᠢ ᠡᠪᠡᠳᠴᠢᠨ ᠤ ᠰᠢᠯᠲᠠᠭᠠᠨ ᠳᠤ ᠰᠢᠰᠲ᠋ᠧᠮ ᠲᠠᠢ ᠵᠠᠳᠠᠯᠤᠯᠲᠠ ᠬᠢᠬᠦ ᠪᠠᠷ ᠳᠠᠮᠵᠢᠭᠤᠯᠤᠨ᠂ ᠥᠪᠡᠷᠮᠢᠴᠡ ᠴᠢᠨᠠᠷᠲᠠᠢ ᠣᠨᠣᠰᠢᠯᠠᠨ ᠡᠮᠨᠡᠬᠦ ᠲᠥᠰᠥᠯ ᠲᠣᠭᠲᠠᠭᠠᠵᠤ᠂ ᠮᠣᠩᠭᠤᠯ ᠡᠮᠨᠡᠯᠭᠡ ᠶᠢᠨ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ ᠵᠡᠷᠭᠡ ᠣᠨᠴᠠᠯᠢᠭᠲᠤ ᠵᠠᠰᠠᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠲᠡᠭᠦᠨ ᠳᠤ ᠬᠠᠨᠳᠤᠯᠭᠠᠲᠤ ᠴᠢᠨᠠᠷᠲᠠᠢ ᠡᠮᠴᠢᠯᠡᠭᠡ ᠬᠢᠵᠦ ᠥᠭᠴᠡᠢ᠃ ᠲᠣᠰ ᠡᠪᠡᠳᠴᠢᠲᠡᠨ ᠤ ᠤᠷᠤᠭᠰᠢᠲᠠᠢ ᠡᠮᠨᠡᠭᠦᠯᠦᠭᠰᠡᠨ ᠨᠢ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭ᠎ᠠ ᠵᠢᠩᠬᠢᠨᠢ  ᠪᠠᠷ ᠪᠠᠶᠢᠭᠤᠯᠤᠭᠳᠠᠭᠰᠠᠨ ᠢ ᠬᠠᠷᠠᠭᠤᠯᠵᠤ᠂ ᠮᠠᠷᠢᠶ᠎ᠠ ᠲᠠᠢ ᠡᠪᠡᠳᠴᠢᠲᠡᠨ ᠳᠤ ᠨᠠᠩ ᠢᠯᠡᠭᠦᠦ ᠦᠨᠳᠦᠰᠦᠲᠡᠨ ᠤ ᠣᠨᠴᠠᠯᠢᠭ ᠲᠠᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠢᠨ᠎ᠡ ᠰᠣᠩᠭᠤᠯᠲᠠ ᠶᠢ ᠬᠠᠩᠭᠠᠭᠰᠠᠨ ᠪᠠᠶᠢᠨ᠎ᠠ᠃      ᠲᠣᠰ ᠡᠭᠦᠳᠡᠨ ᠡᠮᠨᠡᠯᠭᠡ ᠨᠢ ᠭᠤᠣᠯᠳᠠᠭᠤ ᠡᠩ ᠤᠨ ᠮᠠᠷᠢᠶ᠎ᠠ ᠲᠠᠢ ᠬᠦᠮᠦᠰ᠂ ᠴᠢᠰᠤᠨ ᠰᠢᠬᠢᠷ ᠥᠨᠳᠥᠷ᠂ ᠰᠢᠭᠡᠰᠦᠨ ᠬᠦᠴᠢᠯ ᠥᠨᠳᠥᠷ ᠵᠡᠷᠭᠡ ᠰᠣᠯᠢᠯᠴᠠᠭ᠎ᠠ ᠶᠢᠨ ᠨᠡᠶᠢᠯᠡᠯᠭᠡ ᠬᠡᠮ ᠳᠠᠭᠠᠯᠳᠤᠵᠤ ᠪᠠᠶᠢᠭ᠎ᠠ ᠬᠥᠮᠥᠰ᠂ ᠤᠳᠠᠭᠠᠨ ᠰᠠᠭᠤᠭᠰᠠᠨ ᠠᠴᠠ ᠪᠣᠯᠵᠤ ︽ᠬᠡᠪᠡᠯᠢ ᠶᠢᠨ ᠬᠡᠰᠡᠭ ᠤᠨ ᠮᠠᠷᠢᠶ᠎ᠠ ᠲᠠᠢ︾ ᠳᠡᠳ᠋ ᠡᠷᠡᠭᠦᠯ ᠮᠡᠨᠳᠦ ᠶᠢᠨ ᠬᠦᠮᠦᠰ ᠵᠢᠴᠢ ᠣᠷᠳᠣ ᠬᠤᠭᠤᠴᠠᠭ᠎ᠠ ᠪᠠᠷ ᠮᠠᠷᠢᠶ᠎ᠠ ᠰᠢᠭᠤᠷᠠᠭᠤᠯᠤᠭᠠᠳ ᠦᠷ᠎ᠡ ᠳ᠋ᠦᠩ ᠦᠭᠡᠢ ᠬᠦᠮᠦᠰ ᠲᠤ ᠦᠢᠯᠡᠴᠢᠯᠡᠵᠤ᠂ ᠣᠨᠣᠰᠢᠯᠠᠨ ᠡᠮᠨᠡᠬᠦ ᠶᠠᠪᠤᠴᠠ ᠳᠤ᠂ ᠡᠮᠴᠢ ᠠᠴᠠ ᠮᠣᠩᠭᠤᠯ ᠡᠮᠨᠡᠯᠭᠡ ᠶᠢᠨ ︽ᠭᠤᠷᠪᠠᠨ ᠮᠠᠬᠠᠪᠣᠳ ᠤᠨ ᠰᠤᠷᠭᠠᠯ︾  ᠢᠶᠠᠷ ᠣᠨᠣᠯ ᠤᠨ ᠰᠠᠭᠤᠷᠢ ᠪᠣᠯᠭᠠᠵᠤ᠂ ᠠᠰᠠᠭᠤᠬᠤ᠂ ᠦᠵᠡᠬᠦ᠂ ᠬᠦᠷᠦᠯᠴᠡᠬᠦ ᠣᠨᠣᠰᠢᠯᠠᠯ ᠢᠶᠠᠷ  ᠳᠡᠮᠵᠢᠨ᠂ ᠡᠪᠡᠳᠴᠢᠲᠡᠨ ᠤ ᠬᠡᠢ᠂ ᠰᠢᠷ᠎ᠠ᠂ ᠪᠠᠳᠬᠠᠨ ᠬᠡᠯᠪᠡᠷᠢ ᠶᠢᠨ ᠮᠠᠷᠢᠶ᠎ᠠ ᠶᠢ ᠣᠨᠣᠪᠴᠢᠲᠠᠶ ᠮᠠᠭᠠᠳᠯᠠᠵᠤ᠂ ᠥᠪᠡᠷᠮᠢᠴᠡ ᠴᠢᠨᠠᠷᠲᠠᠢ ᠵᠠᠰᠠᠯᠭ᠎ᠠ ᠬᠢᠬᠦ ᠳᠤ ᠦᠨᠳᠦᠰᠦᠯᠡᠯ ᠬᠠᠩᠭᠠᠭᠰᠠᠨ ᠪᠠᠶᠢᠨ᠎ᠠ᠃     ᠡᠮᠨᠡᠨ ᠵᠠᠰᠠᠬᠤ ᠠᠷᠭ᠎ᠠ ᠪᠠᠷᠢᠯ ᠤᠨ ᠲᠠᠯ᠎ᠠ ᠪᠠᠷ᠂ ᠮᠣᠩᠭᠤᠯ ᠡᠮᠨᠡᠯᠭᠡ ᠶᠢᠨ ᠤᠯᠠᠮᠵᠢᠯᠠᠯ ᠪᠠ ᠣᠲᠣ ᠦᠶ᠎ᠡ ᠶᠢᠨ ᠠᠨᠠᠭᠠᠬᠤ ᠤᠬᠠᠭᠠᠨ ᠤ ᠳᠠᠪᠠᠭᠤᠯᠢᠭ ᠢ ᠠᠭᠤᠰᠣᠯᠴᠠᠭᠤᠯᠣᠨ᠂ ᠮᠣᠩᠭᠤᠯ ᠡᠮᠨᠡᠯᠭᠡ ᠶᠢᠨ ᠵᠡᠭᠦᠦ ᠲᠥᠭᠡᠨᠡᠯᠭᠡ ᠪᠠᠷ ᠳᠡᠯᠢᠭᠦᠦ ᠬᠤᠳᠣᠭᠤᠳᠤ ᠶᠢᠨ ᠠᠵᠢᠯᠯᠠᠭ᠎ᠠ ᠶᠢ ᠵᠣᠬᠢᠴᠠᠭᠤᠯᠵᠤ᠂ ᠳᠣᠲᠣᠭᠠᠳᠤ ᠰᠢᠭᠦᠷᠡᠯᠲᠡ ᠶᠢ ᠲᠡᠩᠴᠡᠭᠦᠷᠢᠰᠢᠭᠦᠯᠦᠨ᠎ᠡ᠃ ᠰᠣᠷᠣᠭᠤᠯ ᠲᠠᠯᠪᠢᠬᠤ᠂ ᠢᠯᠢᠵᠦ ᠨᠤᠬᠤᠯᠠᠬᠤ  ᠲᠠᠢ ᠤᠶᠠᠯᠳᠤᠭᠤᠯᠤᠨ ᠥᠭᠡᠬᠦ ᠣᠪᠣᠭᠠᠷᠠᠭᠰᠠᠨ ᠬᠡᠰᠡᠭ ᠤᠨ ᠰᠣᠯᠢᠯᠴᠠᠭ᠎ᠠ ᠶᠢ ᠰᠠᠶᠢᠵᠢᠷᠠᠭᠤᠯᠤᠨ᠎ᠠ᠃ ᠷᠠᠰᠢᠶᠠᠨ ᠤ ᠡᠮᠲᠦ ᠤᠬᠢᠶᠠᠯᠭ᠎ᠠ ᠪᠠᠷ ᠳᠠᠮᠵᠢᠨ ᠰᠣᠳᠠᠯ ᠢ ᠨᠠᠪᠲᠠᠷᠡᠭᠦᠯᠵᠦ᠂  ᠪᠠᠳᠬᠠᠨ ᠬᠦᠢᠲᠡᠨ ᠢ ᠠᠷᠢᠯᠭᠠᠨ ᠨᠤᠶᠢᠷ ᠢ ᠰᠠᠶᠢᠵᠢᠷᠠᠭᠤᠯᠣᠨ᠎ᠠ᠃ ᠡᠯᠡᠰᠦᠨ ᠤ ᠬᠠᠯᠠᠭᠤᠨ ᠪᠦᠯᠢᠶᠡᠨ ᠪᠠ ᠳᠠᠷᠣᠯᠲᠠ ᠵᠡᠷᠭᠡ ᠶᠢᠨ ᠦᠢᠯᠡᠳᠦᠯ ᠢᠶᠠᠷ ᠡᠮᠨᠡᠨ ᠵᠠᠰᠠᠵᠤ᠂  ᠰᠣᠳᠠᠯ ᠢ ᠨᠡᠪᠲᠡᠷᠡᠭᠦᠯᠵᠤ᠂ ᠬᠦᠢᠲᠡᠨ ᠬᠡᠢ ᠶᠢ ᠠᠷᠢᠯᠭᠠᠨ ᠴᠢᠰᠤᠨ ᠤ ᠡᠷᠬᠢᠯᠲᠡ ᠶᠢ ᠰᠠᠶᠢᠵᠢᠷᠠᠭᠤᠯᠣᠨ᠎ᠠ᠃ ᠪᠡᠶ᠎ᠡ ᠮᠠᠬᠠᠪᠤᠳ ᠤᠨ ᠪᠠᠶᠢᠳᠠᠯ ᠢ ᠦᠨᠳᠦᠰᠦᠯᠡᠨ ᠮᠣᠩᠭᠤᠯ ᠡᠮ ᠳᠣᠬᠢᠷᠠᠭᠤᠯᠣᠨ᠎ᠠ᠃ ᠡᠭᠦᠨ ᠤ ᠬᠠᠮᠲᠤ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠲᠠᠮᠢᠷ ᠬᠢᠭᠡᠳ ᠳᠣᠣᠷ᠎ᠠ ᠬᠦᠴᠢᠯᠲᠥ᠋ᠷᠥᠭᠴᠢᠲᠦ ᠬᠥᠳᠡᠯᠭᠡᠭᠡᠨ ᠢ ᠬᠠᠷᠢᠯᠴᠠᠨ ᠤᠶᠠᠯᠳᠤᠭᠤᠯᠵᠤ᠂ ᠮᠠᠷᠢᠶ᠎ᠠ ᠲᠠᠢ ᠬᠦᠮᠦᠰ ᠤᠨ ᠡᠷᠡᠭᠦᠯ ᠴᠢᠭᠢᠷᠠᠭ ᠪᠡᠶ᠎ᠡ ᠪᠠᠶᠢᠳᠠᠯ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ ᠪᠤᠢ᠃     ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭ᠎ᠠ ᠨᠢ ᠤᠯᠠᠮᠵᠢᠯᠠᠯᠲᠤ ᠮᠣᠩᠭᠤᠯ ᠡᠮᠨᠡᠯᠭᠡ ᠶᠢᠨ ᠣᠶᠤᠨ ᠤᠬᠠᠭᠠᠨ ᠢᠶᠠᠷ ᠰᠠᠭᠤᠷᠢ ᠪᠣᠯᠭᠠᠵᠤ ᠂ ᠣᠲᠣ ᠦᠶ᠎ᠡ ᠶᠢᠨ ᠠᠨᠠᠭᠠᠬᠤ ᠤᠬᠠᠭᠠᠨ ᠤ ᠣᠨᠣᠯᠵᠢᠬᠤᠨ ᠢ ᠠᠭᠤᠰᠤᠯᠴᠠᠭᠤᠯᠤᠨ᠂ ︽ᠣᠨᠣᠰᠢᠯᠠᠬᠤ ︱ ᠬᠡᠯᠪᠡᠷᠢ ᠬᠤᠪᠢᠶᠠᠬᠤ ︱ ᠳᠣᠲᠣᠷ᠎ᠠ ᠭᠠᠳᠠᠨᠠᠬᠢ ᠶᠢ ᠵᠡᠷᠭᠡᠪᠡᠷ ᠵᠠᠰᠠᠬᠤ︾ ᠪᠥᠬᠦ ᠦᠶᠡᠯᠡᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠮᠠᠷᠢᠶ᠎ᠠ ᠲᠠᠢ ᠬᠥᠮᠥᠰ ᠲᠤ ᠰᠢᠨᠵᠢᠯᠡᠬᠦ ᠤᠬᠠᠭᠠᠨᠴᠢ᠂ ᠰᠢᠰᠲ᠋ᠧᠮ  ᠲᠠᠢ᠂ ᠥᠪᠡᠷᠮᠢᠴᠡ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠪᠠᠷ ᠪᠣᠢ᠃                
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号