ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠵᠡᠰᠬᠦᠯᠡᠩᠲᠦ ᠰᠠᠶᠢᠬᠠᠨ | ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ ᠥᠷᠨᠢᠭᠦᠯᠬᠦ ᠶᠢ | ᠪᠠᠶᠢᠷᠢᠯᠠᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ ᠶᠠᠷᠢᠯᠴᠠᠵᠤ᠂ ᠵᠧᠵᠢᠶᠠᠩ ᠤᠨ ᠰᠠᠨ ᠮᠧᠨ ᠤ | ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ | ᠲᠣᠭᠲᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ | ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠢ ᠣᠨᠣᠪᠴᠢᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ | ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ | ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ ᠴᠢᠬᠤᠯᠠ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ | ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ | ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠥᠷᠭᠡᠨ | ᠶᠡᠭᠡ ᠭᠤᠣᠯ ᠮᠥᠷᠡᠨ᠂ ᠴᠢᠬᠤᠯᠠ ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ᠂ ᠬᠢᠨᠠᠨ ᠰᠢᠨᠵᠢᠬᠦ ᠪᠠ ᠡᠬᠢ | ᠡᠭᠦᠰᠦᠯ ᠢ ᠨᠢ ᠡᠷᠢᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ᠂ ᠠᠮᠢᠳᠤᠷᠠᠯ ᠤᠨ ᠪᠣᠬᠢᠷ ᠤᠰᠤ᠂ | ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ | ᠪᠥᠭᠯᠡᠬᠦ ᠶᠢ ᠨᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ | ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠂ ᠣᠷᠣᠨ | ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢ | ᠳᠡᠮᠵᠢᠵᠦ᠂ ᠪᠦᠬᠦ ᠠᠷᠠᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ | ᠪᠠᠲᠤᠯᠠᠭ᠎ᠠ ᠶᠢ ᠴᠢᠩᠭᠠᠳᠬᠠᠬᠤ ᠨᠢ ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ᠂ ᠭᠡᠷ ᠪᠦᠯᠢ ᠶᠢᠨ ᠬᠢᠨ ᠤ ᠡᠶ᠎ᠡ ᠵᠣᠬᠢᠴᠠᠯ | ᠵᠣᠯ ᠵᠢᠷᠭᠠᠯ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ ᠬᠤᠯᠪᠣᠭᠳᠠᠨ᠎ᠠ᠃ ᠬᠡᠦᠬᠡᠳ ᠢ ᠤᠷᠢᠳ ᠢᠶᠠᠷ ᠬᠥᠭᠵᠢᠭᠦᠯᠬᠦ ᠪᠠ | ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ | ᠡᠪᠦᠷᠯᠡᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠣᠷᠨᠢᠨ ᠪᠣᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ | ᠬᠡᠷᠡᠭᠲᠡᠢ᠃ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶᠢᠲᠡ ᠶᠢᠨ ᠦᠨᠳᠦᠰᠦᠨ ᠰᠤᠷᠭᠠᠨ | ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠶᠢ ᠦᠨᠳᠦᠰᠦᠯᠡᠨ ᠲᠥᠷᠥᠯ ᠬᠤᠪᠢᠶᠠᠨ | ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ | ᠠᠮᠢ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠬᠢᠵᠢᠭᠦᠯᠵᠦ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠲᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ | ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠴᠢᠨᠠᠷ᠂ ᠪᠠᠷᠠᠯᠠᠯᠲᠤ ᠴᠢᠨᠠᠷ ᠢ | ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ | ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ᠂ ᠡᠬᠡ ᠲᠥᠰᠥᠯ ᠢ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠬᠦ ᠬᠠᠤᠯᠢ ᠲᠣᠭᠲᠠᠭᠠᠯᠲᠠ ᠪᠠᠷ ᠲᠣᠬᠢᠶᠠᠯ ᠪᠣᠯᠭᠠᠵᠤ᠂ ᠮᠠᠨ ᠤ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ | ᠠᠷᠠᠳ ᠤᠯᠠᠨ ᠤ ᠡᠪᠡᠳᠴᠢᠯᠡᠪᠡᠯ ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ | ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠᠯ ᠢᠶᠠᠷ ᠣᠨᠣᠰᠢᠯᠠᠨ ᠡᠮᠨᠡᠬᠦ᠂ ᠬᠤᠳᠠᠯ ᠢᠶᠠᠷ ᠡᠮ ᠬᠤᠳᠠᠯᠳᠤᠨ ᠠᠪᠬᠤ | ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ | ᠠᠵᠢᠯᠲᠠᠨ ᠪᠠ ᠤᠯᠠᠨ ᠲᠦᠮᠡᠨ ᠤ ᠬᠠᠤᠯᠢ ᠶᠢ ᠵᠢᠷᠤᠮᠯᠠᠨ ᠰᠠᠬᠢᠬᠤ ᠤᠬᠠᠮᠰᠠᠷ ᠢ ᠨᠢ ᠳᠡᠭᠡᠭᠰᠢᠯᠡᠭᠦᠯᠵᠦ᠂ ᠡᠪᠡᠳᠴᠢᠨ | ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ ᠲᠦᠪᠰᠢᠨ ᠢ | ᠡᠷᠬᠡᠪᠰᠢ ᠲᠤᠩ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ | ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠪᠥᠮᠪᠥᠷᠴᠡᠭ ᠤᠨ | ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ | ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ ᠭᠡᠵᠡᠢ᠃ | |