ᠪᠠᠷᠠᠭᠤᠨ ᠦᠵᠦᠮᠦᠴᠢᠨ ᠬᠤᠰᠢᠭᠤ ᠤᠯᠠᠭᠠᠨᠬᠠᠳᠠ ᠳᠡᠭᠡᠳᠦ ᠰᠤᠷᠭᠠᠭᠤᠯᠢ ᠶᠢᠨ  ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2025/4/29
     4 ᠰᠠᠷ᠎ᠠ ᠶᠢᠨ 25 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ ᠭᠠᠵᠠᠷ ᠤᠨ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠨᠢ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤ ᠳᠡᠳ᠋ ᠳᠠᠷᠤᠭ᠎ᠠ ᠮᠡᠷᠭᠡᠨᠳᠠᠯᠠᠢ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃       ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠮᠲᠤᠷᠠᠯᠴᠠᠭ᠎ᠠ ᠪᠣᠯ ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠴᠢᠬᠤᠯᠠ ᠠᠵᠠ ᠲᠣᠬᠢᠶᠠᠯ ᠮᠥᠨ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠠᠵᠠ ᠲᠣᠬᠢᠶᠠᠯ ᠢ ᠰᠠᠶᠢᠲᠤᠷ ᠠᠳᠬᠤᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠤᠨ ᠰᠢᠨ᠎ᠡ ᠪᠠᠶᠢᠳᠠᠯ ᠢ ᠪᠣᠢ ᠪᠣᠯᠭᠠᠵᠤ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠰᠢᠯᠢᠳᠡᠭ ᠴᠢᠳᠠᠪᠤᠷᠢᠲᠠᠨ ᠪᠠ ᠮᠡᠷᠭᠡᠵᠢᠯ ᠤᠨ ᠡᠬᠢ ᠪᠠᠶᠠᠯᠢᠭ ᠢ ᠠᠰᠢᠭᠯᠠᠬᠤ ᠶᠢᠨ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠣᠳᠣᠬᠢ ᠡᠮᠴᠢᠯᠡᠭᠡᠨ ᠤ ᠡᠩᠨᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠬᠠᠮᠲᠤᠷᠠᠨ ᠣᠨᠣᠰᠢᠯᠠᠨ ᠡᠮᠨᠡᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ᠂ ᠰᠢᠨᠵᠢᠯᠡᠭᠡᠨ ᠤ ᠰᠠᠯᠠᠭ᠎ᠠ ᠶᠢ ᠬᠠᠮᠲᠤ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠪᠡᠶᠡᠯᠡᠭᠦᠯᠵᠦ᠂ ᠲᠣᠰ ᠭᠠᠵᠠᠷ ᠣᠷᠣᠨ ᠳᠠᠭᠠᠨ ᠮᠡᠷᠭᠡᠵᠢᠯ  ᠳᠤ ᠴᠠᠭᠠᠷᠠᠭᠰᠠᠨ᠂ ᠦᠨᠳᠦᠰᠦᠨ ᠱᠠᠲᠤᠨ ᠳᠤ ᠦᠨᠳᠦᠰᠦᠯᠡᠭᠰᠡᠨ ᠡᠮᠴᠢᠯᠡᠭᠡᠨ ᠤ ᠪᠦᠯᠬᠦᠮ ᠢ ᠬᠥᠮᠥᠵᠢᠭᠦᠯᠦᠨ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠡᠢ᠃ ᠶᠣᠣ ᠬᠤᠩ ᠭᠠᠩ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠠᠮᠲᠤᠷᠠᠯᠴᠠᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠣᠮᠢᠯᠠᠨ ᠰᠠᠭᠤᠯᠭᠠᠭᠰᠠᠨ ᠲᠤᠰᠬᠠᠢ ᠮᠡᠷᠭᠡᠵᠢᠯᠲᠡᠨ ᠳᠤ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠪᠠ ᠠᠮᠢᠳᠤᠷᠠᠯ ᠤᠨ ᠪᠠᠲᠤᠯᠠᠭ᠎ᠠ ᠬᠠᠩᠭᠠᠬᠤ ᠶᠢᠨ ᠬᠠᠮᠲᠤ ᠡᠮᠴᠢᠯᠡᠭᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠨ ᠲᠣᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ ᠬᠠᠮᠲᠤᠷᠠᠯᠴᠠᠭᠠᠨ ᠤ ᠬᠡᠯᠡᠯᠴᠡᠭᠡᠷ ᠢ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠣᠯᠠᠨ ᠲᠦᠮᠡᠨ ᠳᠤ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠡᠢ᠃     ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠵᠦ᠂ ᠲᠤᠰᠬᠠᠢ ᠮᠡᠷᠭᠡᠵᠢᠯᠲᠡᠨ ᠲᠣᠮᠢᠯᠠᠨ ᠰᠠᠭᠤᠯᠭᠠᠬᠤ᠂ ᠠᠯᠤᠰ ᠠᠴᠠ ᠬᠠᠮᠲᠤᠷᠠᠨ ᠣᠨᠣᠰᠢᠯᠠᠬᠤ᠂ ᠵᠢᠷᠤᠮᠵᠢᠭᠤᠯᠤᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠶᠡᠷᠦᠩᠬᠡᠶᠢᠯᠡᠭᠰᠡᠨ ᠦᠢᠯᠡᠴᠢᠯᠡᠭᠡᠨ  ᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠣᠯᠠᠨ ᠲᠦᠮᠡᠨ ᠳᠤ ᠨᠠᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ ᠭᠡᠵᠡᠢ᠃ ᠲᠤᠰ ᠤᠳᠠᠭᠠᠨ ᠤ ᠬᠠᠮᠲᠤᠷᠠᠯᠴᠠᠭ᠎ᠠ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠤᠯᠤᠰ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠤᠤᠷᠢᠶᠠᠲᠤᠨ ᠳᠠᠭᠠᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠬᠦᠴᠢᠷ ᠠᠰᠠᠭᠤᠳᠠᠯ ᠢ ᠨᠠᠮᠳᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠶᠠᠷ ᠭᠠᠵᠠᠷ ᠤᠨ ᠬᠢᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ  ᠪᠠᠶᠢᠭᠤᠯᠤᠯᠲᠠ᠂ ᠬᠦᠴᠢᠷ ᠲᠦᠪᠡᠭᠲᠡᠢ ᠡᠪᠡᠳᠴᠢᠨ ᠢ ᠵᠠᠰᠠᠬᠤ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠸᠧᠢ ᠭᠦᠸᠧ᠄ ︽ᠣᠯᠠᠨ ᠤ ᠬᠠᠮᠲᠤ ᠶᠢᠨ ᠴᠢᠷᠮᠠᠶᠢᠯᠭ᠎ᠠ ᠪᠠᠷ 4 ᠰᠠᠷ᠎ᠠ ᠶᠢᠨ 25 ᠤ ᠡᠳᠦᠷ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ ᠬᠡᠯᠡᠯᠴᠡᠭᠡᠷ ᠢ ᠠᠮᠵᠢᠯᠲᠠᠲᠠᠢ ᠲᠣᠭᠲᠠᠵᠠᠢ᠃ ᠡᠭᠦᠨ ᠳᠤ ᠭᠤᠣᠯᠳᠠᠭᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠬᠢᠭᠡᠳ ᠶᠠᠰᠤ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠢ ᠬᠠᠮᠲᠤᠪᠠᠷ ᠬᠡᠷᠡᠭᠯᠡᠬᠦ᠂ ᠬᠠᠮᠢᠶᠠᠷᠤᠯᠲᠠ ᠶᠢᠨ ᠲᠠᠯ᠎ᠠ ᠪᠠᠷ ᠬᠠᠮᠵᠢᠯᠴᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠮᠠᠨ ᠤ ᠬᠤᠰᠢᠭᠤᠨ ᠳᠤ ᠣᠷᠳᠣ ᠬᠤᠭᠤᠴᠠᠭ᠎ᠠ ᠪᠠᠷ ᠡᠮᠴᠢᠯᠡᠭᠡᠨ ᠤ ᠪᠦᠯᠬᠦᠮ ᠲᠣᠮᠢᠯᠠᠨ ᠰᠠᠭᠤᠯᠭᠠᠵᠤ ᠡᠮᠴᠢᠯᠡᠭᠦᠯᠬᠦ᠂ ᠠᠯᠤᠰ ᠠᠴᠠ ᠬᠠᠮᠲᠤᠷᠠᠨ ᠣᠨᠣᠰᠢᠯᠠᠬᠤ ᠬᠠᠮᠵᠢᠯᠴᠠᠭ᠎ᠠ ᠥᠷᠨᠢᠭᠦᠯᠬᠦ᠂ ᠡᠪᠡᠳᠴᠢᠲᠡᠨ ᠢ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠣᠨᠣᠰᠢᠯᠠᠨ ᠡᠮᠨᠡᠬᠦ ᠴᠢᠳᠠᠪᠤᠷᠢ ᠵᠢᠴᠢ ᠵᠢᠷᠤᠮᠵᠢᠭᠰᠠᠨ ᠣᠨᠣᠰᠢᠯᠠᠨ ᠡᠮᠨᠡᠬᠦ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯᠲᠡᠨ᠂ ᠭᠤᠣᠯᠯᠠᠭᠴᠢ ᠪᠠᠭᠰᠢ ᠠᠴᠠ ᠱᠠᠪᠢ ᠳᠠᠭᠠᠭᠤᠯᠤᠨ ᠬᠥᠮᠥᠵᠢᠭᠦᠯᠬᠦ᠂ ᠬᠤᠣᠰ ᠴᠢᠭᠯᠡᠯ ᠢᠶᠠᠷ ᠴᠢᠳᠠᠪᠤᠷᠢᠲᠠᠨ ᠢ ᠰᠣᠯᠢᠯᠴᠠᠬᠤ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠡᠮᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠣᠯᠣᠨ᠎ᠠ᠃ ᠡᠨᠡ ᠨᠢ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠡᠮᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠪᠡᠳᠴᠢᠲᠡᠨ ᠤ ᠲᠤᠬᠠᠢ ᠶᠢᠨ ᠭᠠᠵᠠᠷ ᠲᠤ ᠪᠠᠨ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠲᠠᠰ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ  ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃      ᠤᠯᠠᠭᠠᠨᠬᠠᠳᠠ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ ᠯᠢᠦ ᠬᠠᠢ ᠵᠢᠦᠢ᠄ ︽ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠰᠠᠨ ᠨᠢ ᠮᠠᠨ ᠤ ᠬᠠᠮᠵᠢᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠬᠤᠵᠢᠮ ᠪᠢᠳᠠ ᠨᠢᠭᠲᠠ ᠬᠠᠮᠵᠢᠯᠴᠠᠨ ᠬᠠᠮᠲᠤ ᠪᠠᠷ ᠤᠷᠤᠭᠰᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠲᠥᠯᠥᠭᠡ ᠬᠠᠮᠲᠤ ᠪᠠᠷ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号