4 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ | ᠯᠢᠨ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ | ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠳᠠᠷᠠᠭ᠎ᠠ ᠱᠠᠲᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ | | ᠪᠦᠦ ᠯᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ | ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠶᠢᠮᠠᠭ ᠤᠨ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠭᠤᠣᠯ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠳᠡᠭᠡᠳᠦ | ᠱᠠᠲᠤᠨ ᠤ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ︽ᠰᠠᠷ᠎ᠠ ᠪᠠᠷ ᠤᠯᠠᠷᠢᠯ ᠢ ᠪᠠᠲᠤᠯᠠᠵᠤ᠂ | ᠤᠯᠠᠷᠢᠯ ᠢᠶᠠᠷ ᠵᠢᠯ ᠢ ᠪᠠᠲᠤᠯᠠᠬᠤ︾ ᠪᠠᠶᠢᠳᠠᠯ ᠢᠶᠠᠷ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠤᠨ ᠤ | ᠳᠤᠮᠳᠠ ᠠᠬᠢᠭᠤᠯᠬᠤ ᠶᠢ ᠪᠠᠲᠤᠯᠠᠵᠤ᠂ ᠲᠤᠭ᠎ᠠ ᠪᠠᠷᠢᠮᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ | ᠃ | ᠪᠦᠦ ᠯᠢᠨ ᠴᠢᠬᠤᠯᠠᠴᠢᠯᠠᠬᠤ ᠳᠠᠭᠠᠨ᠂ ᠰᠠᠨᠠᠭᠠᠴᠢᠯᠠᠭ᠎ᠠ ᠠᠴᠠ ᠪᠠᠨ ᠠᠶᠢᠮᠠᠭ ᠤᠨ ᠲᠡᠰ ᠤᠨ ᠰᠠᠯᠠᠭ᠎ᠠ ᠮᠥᠴᠢᠷ | ᠯᠦᠭᠡ ᠶᠢᠨ ᠬᠠᠷᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠴᠠᠭ | ᠲᠤᠬᠠᠢ ᠳᠤᠨᠢ ᠡᠵᠡᠮᠰᠢᠨ᠂ ᠨᠡᠩ ᠤᠯᠠᠨ ᠵᠢᠯᠣᠭᠤᠳᠤᠯᠭ᠎ᠠ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠠᠵᠢᠯ ᠤᠨ | ᠴᠢᠭᠯᠡᠯ ᠬᠡᠯᠪᠡᠶᠢᠬᠦ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠣᠳᠣᠬᠢ ᠭᠤᠣᠯᠳᠠᠯᠭ᠎ᠠ ᠲᠠᠢ | ᠲᠦᠷᠦᠯ ᠵᠦᠢᠯ ᠤᠨ ᠠᠵᠢᠯ ᠡᠬᠢᠯᠡᠭᠦᠯᠦᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠬᠠᠮᠲᠤ᠂ 2026 | ᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠲᠥᠯᠥᠪᠵᠢᠭᠦᠯᠵᠦ᠂ ᠨᠥᠭᠡᠴᠡᠯᠡᠬᠦ | ᠲᠦᠷᠦᠯ ᠵᠦᠢᠯ ᠤᠨ ᠬᠡᠪᠴᠢᠶ᠎ᠡ ᠪᠣᠯᠣᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ | ᠦᠷᠭᠦᠯᠵᠢᠯᠡᠨ ᠨᠡᠮᠡᠭᠳᠡᠬᠦ ᠳᠤ ᠰᠠᠭᠤᠷᠢ ᠶᠢ ᠪᠠᠲᠤᠳᠬᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠢ ᠴᠥᠬᠦᠷᠡᠰᠢ ᠦᠭᠡᠢ ᠠᠳᠬᠤᠵᠤ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ | ᠨᠠᠷᠢᠯᠢᠭ ᠣᠨᠣᠪᠴᠢᠲᠠᠢ ᠪᠠᠷ ᠬᠦᠴᠦᠯᠡᠬᠦ ᠪᠠᠷ ᠪᠠᠷᠠᠬᠤ ᠦᠭᠡᠢ᠂ ᠪᠠᠰᠠ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ | ᠠᠷᠭ᠎ᠠ ᠵᠠᠮ ᠢᠶᠠᠨ ᠥᠷᠭᠡᠳᠬᠡᠵᠦ᠂ ᠰᠠᠶᠢᠲᠤᠷ ᠵᠣᠯᠭᠠᠭᠤᠯᠤᠨ ᠵᠥᠪᠳᠡᠯᠴᠡᠬᠦ ᠪᠠᠷ ᠳᠠᠮᠵᠢᠭᠤᠯᠤᠨ᠂ ᠨᠠᠩ ᠣᠯᠠᠨ ᠴᠢᠨᠠᠷ | ᠰᠠᠶᠢᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ | ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠠᠵᠤ ᠠᠬᠤᠢ | ᠲᠣᠭᠲᠠᠭᠤᠨ ᠡᠬᠢᠯᠡᠯᠲᠡ ᠲᠠᠢ ᠪᠣᠯᠤᠭᠰᠠᠨ ᠪᠣᠯᠪᠠᠴᠤ ᠠᠶᠢᠮᠠᠭ ᠠᠴᠠ ᠳᠠᠭᠠᠭᠠᠯᠭᠠᠭᠰᠠᠨ ᠡᠭᠦᠷᠭᠡ ᠬᠠᠷᠠᠯᠲᠠ ᠲᠠᠢ | ᠬᠠᠷᠢᠴᠠᠭᠤᠯᠪᠠᠯ ᠮᠥᠨ ᠬᠦ ᠵᠥᠷᠢᠶ᠎ᠡ ᠲᠠᠢ ᠪᠠᠶᠢᠭᠰᠠᠭᠠᠷ ᠲᠤᠯᠠ ᠦᠷᠭᠦᠯᠵᠢᠯᠡᠨ ᠴᠢᠷᠮᠠᠶᠢᠬᠤ ᠬᠡᠷᠡᠭᠲᠡᠢ᠃ ᠡᠯ᠎ᠡ ᠰᠤᠮᠤ | ᠪᠠᠯᠭᠠᠰᠤ᠂ ᠰᠠᠯᠠᠭ᠎ᠠ ᠮᠥᠴᠢᠷ ᠨᠢ ᠳᠠᠪᠠᠭᠤᠯᠢᠭ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ | ᠶᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠦᠴᠦᠨ ᠲᠠᠢ ᠠᠵᠤ ᠦᠢᠯᠡᠰ ᠤᠨ | ᠨᠡᠮᠡᠭᠳᠡᠯ ᠤᠨ ᠴᠡᠭ ᠢ ᠭᠦᠨᠵᠡᠭᠡᠢ ᠠᠭᠤᠳᠠᠯᠵᠤ᠂ ᠬᠠᠮᠵᠢᠯᠴᠠᠨ ᠬᠦᠴᠦᠯᠡᠬᠦ ᠬᠡᠷᠡᠭᠲᠡᠢ᠃ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠪᠣᠯ ᠲᠣᠭᠲᠠᠭᠤᠨ ᠢᠶᠠᠷ ᠨᠡᠮᠡᠭᠳᠡᠭᠦᠯᠬᠦ ᠵᠠᠩᠭᠢᠯᠠᠭ᠎ᠠ ᠶᠢᠨ ᠭᠠᠷᠳᠠᠴᠠ ᠮᠥᠨ᠂ ᠡᠷᠬᠡᠪᠰᠢ ︽ | ᠰᠠᠷ᠎ᠠ ᠪᠠᠷ ᠲᠣᠬᠢᠷᠠᠭᠤᠯᠵᠤ᠂ ᠰᠠᠷ᠎ᠠ ᠪᠠᠷ ᠮᠡᠳᠡᠭᠡᠯᠡᠬᠦ︾ ᠲᠣᠭᠲᠠᠴᠠ ᠶᠢ ᠬᠡᠷᠡᠭᠵᠢᠭᠦᠯᠵᠦ᠂ ᠲᠥᠷᠥᠯ ᠵᠦᠢᠯ ᠤᠨ | ᠨᠢᠭᠡᠳᠦᠯᠲᠡᠢ ᠪᠠᠶᠢᠪᠠᠰᠤ ᠵᠣᠬᠢᠬᠤ ᠵᠦᠢᠯ ᠢ ᠪᠦᠬᠦᠨ ᠢ ᠨᠢᠭᠡᠳᠦᠯᠲᠡᠢ ᠪᠠᠶᠢᠯᠭᠠᠬᠤ ᠶᠢ ᠪᠠᠲᠤᠯᠠᠵᠤ᠂ ᠪᠥᠬᠦ ᠠᠶᠢᠮᠠᠭ ᠤᠨ | ᠠᠵᠤ ᠠᠬᠤᠢ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ | ︽ᠲᠥᠷᠥᠯ ᠵᠦᠢᠯ ᠢ ᠶᠡᠭᠡ ᠪᠠᠷ ᠠᠳᠬᠤᠵᠤ᠂ ᠬᠤᠳᠠᠯᠳᠤᠭᠠᠴᠢᠨ ᠤᠷᠢᠬᠤ ᠶᠢ ᠶᠡᠭᠡ ᠪᠠᠷ ᠠᠳᠬᠤᠬᠤ︾ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠶᠠᠳᠤᠭᠠᠷ ᠤᠯᠠᠷᠢᠯ ᠤᠨ ︽ᠬᠤᠶᠠᠷ ᠵᠦᠢᠯ ᠢ ᠬᠠᠭᠠᠰ ᠠᠴᠠ | ᠳᠡᠭᠡᠭᠰᠢ ᠪᠡᠶᠡᠯᠡᠭᠦᠯᠬᠦ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠥᠬᠦ ᠵᠢᠯ ᠤᠨ ᠴᠢᠨᠠᠷ ᠰᠠᠶᠢᠲᠠᠢ ᠬᠥᠭᠵᠢᠯᠲᠡ ᠳᠤ | ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ | ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠤ ᠪᠠᠨ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ | ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠣᠯᠣᠨ ᠠᠵᠤ ᠠᠬᠤᠢ ᠶᠢᠨ ᠠᠵᠢᠯᠯᠠᠭ᠎ᠠ ᠶᠢᠨ | ᠬᠠᠮᠢᠶ᠎ᠠ ᠪᠦᠬᠦᠢ ᠠᠵᠢᠯ ᠢ ᠠᠬᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ | ᠲᠠᠯᠪᠢᠪᠠ᠃ | | |