ᠶᠣᠣ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠳ ᠲᠠᠢ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠭᠤᠣᠯ ᠵᠥᠪᠯᠡᠬᠦ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠳᠠᠷᠠᠭ᠎ᠠ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃
    ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ   ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ᠂ ᠬᠠᠮᠲᠤ ᠪᠠᠷ ᠬᠢᠴᠢᠶᠡᠯ ᠪᠡᠯᠡᠳᠬᠡᠬᠦ᠂ ᠭᠤᠣᠯᠯᠠᠭᠴᠢ ᠪᠠᠭᠰᠢ ᠶᠢᠨ ᠵᠢᠱᠢᠶ᠎ᠡ ᠦᠵᠡᠭᠦᠯᠬᠦ ᠬᠢᠴᠢᠶᠡᠯ ᠢᠶᠠᠷ ᠬᠥᠲᠥᠯᠥᠨ ᠳᠠᠭᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠷᠡᠭᠲᠡᠢ ᠭᠡᠵᠡᠢ᠃     ᠶᠣᠣ ᠬᠤᠩ ᠭᠠᠩ ᠱᠠᠭᠠᠷᠳᠠᠭᠰᠠᠨ ᠨᠢ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠭᠡᠳᠬᠡᠵᠦ᠂ ᠬᠢᠴᠢᠶᠡᠯ ᠤᠨ ᠪᠠᠷᠢᠮᠵᠢᠶ᠎ᠠ ᠶᠢ ᠰᠤᠳᠤᠯᠬᠤ᠂ ᠰᠢᠯᠭᠠᠯᠲᠠ ᠶᠢᠨ ᠰᠡᠳᠦᠪ ᠢ ᠲᠣᠭᠲᠠᠭᠠᠬᠤ ᠳᠦᠷᠢᠮ ᠢ ᠰᠢᠯᠢᠳᠡᠭᠵᠢᠭᠦᠯᠬᠦ ᠵᠢᠴᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠤᠨ ᠲᠠᠯ᠎ᠠ ᠪᠠᠷ  ᠰᠢᠨ᠎ᠡ ᠶᠢ ᠡᠭᠦᠳᠬᠦ ᠶᠢ ᠠᠬᠢᠭᠤᠯᠵᠤ᠂ ᠬᠤᠴᠣᠷᠤᠩᠭᠤᠢ ᠪᠠᠶᠢᠭ᠎ᠠ ᠬᠢᠴᠢᠶᠡᠯ ᠲᠥᠷᠥᠯ ᠳᠤ ᠴᠢᠭᠯᠡᠭᠦᠯᠦᠨ ᠵᠢᠭᠠᠬᠤ ᠶᠢ ᠰᠤᠳᠤᠯᠤᠭᠴᠢ ᠪᠣᠯᠣᠨ ᠰᠤᠷᠭᠠᠭᠤᠯᠢ ᠶᠢᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠵᠤ ᠵᠢᠯᠤᠭᠤᠳᠬᠤ ᠲᠣᠭᠲᠠᠴᠠ ᠶᠢ ᠬᠡᠷᠡᠭᠵᠢᠭᠦᠯᠵᠦ᠂ ᠶᠠᠰᠤ ᠴᠢᠨᠠᠷ ᠤᠨ ᠬᠢᠨᠠᠨ ᠬᠡᠮᠵᠢᠯᠲᠡ ᠪᠠ ᠦᠨᠡᠯᠡᠯᠲᠡ ᠶᠢ ᠴᠢᠩᠭᠠᠳᠬᠠᠬᠤ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠱᠠᠲᠤ ᠶᠢ ᠵᠣᠯᠭᠠᠭᠤᠯᠬᠤ ᠶᠢ ᠴᠢᠬᠤᠯᠠᠴᠢᠯᠠᠵᠤ᠂ ᠭᠤᠣᠯᠯᠠᠬᠤ ᠬᠡᠪ ᠪᠣᠯᠪᠠᠰᠤᠷᠠᠯ ᠢ ᠬᠦᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠲᠤ ᠬᠤᠪᠢᠶᠠᠨ ᠵᠢᠭᠠᠨ ᠰᠤᠷᠭᠠᠬᠤ᠂ ᠥᠪᠡᠷᠮᠢᠴᠡ ᠪᠠᠷ ᠬᠠᠪᠰᠤᠷᠤᠨ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ︽ᠰᠢᠯᠢᠳᠡᠭ ᠢ ᠴᠣᠯᠭᠤᠷᠠᠭᠤᠯᠵᠤ ᠵᠥᠷᠢᠶ᠎ᠡ ᠶᠢ ᠨᠥᠬᠦᠪᠦᠷᠢᠯᠡᠬᠦ︾ ᠶᠢ ᠪᠡᠶᠡᠯᠡᠭᠦᠯᠦᠨ᠂ ᠵᠢᠭᠠᠨ ᠰᠤᠷᠭᠠᠯᠲᠠ ᠶᠢᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ ᠬᠦᠴᠦᠨ ᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠪᠠᠭᠰᠢ ᠨᠠᠷ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠶᠢᠨ ᠣᠯᠭᠤᠮᠵᠢ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠲᠠᠰ ᠬᠤᠪᠢᠶᠠᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ︽ᠠᠬᠠᠮᠠᠳ ᠪᠠᠭᠰᠢ ᠨᠠᠷ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ ᠵᠠᠯᠠᠭᠤ ᠪᠠᠭᠰᠢᠨᠠᠷ ᠢ ᠬᠦᠮᠦᠵᠢᠭᠦᠯᠬᠦ ᠢᠨᠵᠧᠨᠧᠷᠢᠩ︾᠂ ︽ᠪᠠᠭᠰᠢ ᠱᠠᠪᠢ ᠬᠠᠷᠢᠯᠴᠠᠨ ᠬᠠᠪᠰᠤᠷᠤᠯᠴᠠᠬᠤ︾ ᠵᠡᠷᠭᠡ ᠲᠣᠭᠲᠠᠴᠠ ᠶᠢ ᠠᠬᠢᠭᠤᠯᠤᠨ᠂ ᠨᠠᠷᠠᠲᠤ ᠰᠢᠯᠢᠳᠡᠭ ᠪᠠᠭᠰᠢ ᠨᠠᠷ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ ᠶᠢ ᠰᠠᠯᠭᠠᠬᠤ ᠳᠦᠷᠢᠮ ᠢ ᠰᠢᠯᠢᠳᠡᠭᠵᠢᠭᠦᠯᠦᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠬᠢᠴᠢᠶᠡᠯ ᠲᠥᠷᠥᠯ ᠤᠨ ᠳᠤᠲᠠᠭᠳᠠᠯ ᠲᠠᠢ ᠲᠠᠯ᠎ᠠ ᠶᠢ ᠨᠠᠷᠢᠯᠢᠭ ᠣᠨᠣᠪᠴᠢᠲᠠᠢ ᠪᠠᠷ ᠨᠥᠬᠦᠪᠦᠷᠢᠯᠡᠵᠦ᠂ ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠡᠢ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠡᠬᠢ ᠪᠠᠶᠠᠯᠢᠭ ᠢ ᠲᠡᠩᠴᠡᠭᠦᠷᠢᠲᠡᠢ ᠪᠠᠶᠢᠯᠭᠠᠬᠤ ᠪᠣᠯ ᠰᠤᠷᠭᠠᠨ ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠠᠬᠢᠭᠤᠯᠬᠤ ᠶᠢᠨ ᠰᠠᠭᠤᠷᠢ ᠮᠥᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠲᠦᠷᠭᠡᠳᠬᠡᠨ ᠰᠠᠶᠢᠵᠢᠷᠠᠭᠤᠯᠵᠤ᠂ ᠬᠠᠷᠢᠴᠠᠩᠭᠤᠢ ᠬᠤᠴᠤᠷᠤᠩᠭᠤᠢ ᠪᠠᠶᠢᠭ᠎ᠠ ᠰᠤᠷᠭᠠᠭᠤᠯᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠪᠠᠷ ᠨᠦᠬᠦᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠰᠤᠳᠤᠯᠭᠠᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠭᠠᠬᠤ ᠶᠢ ᠰᠤᠳᠤᠯᠬᠤ ᠨᠠᠷᠠᠲᠤ ᠲᠡᠮᠳᠡᠭ ᠪᠠ ᠵᠢᠭᠠᠨ ᠰᠤᠷᠭᠠᠯᠲᠠ ᠶᠢᠨ ᠵᠢᠱᠢᠶᠡᠨ ᠤ ᠡᠮᠬᠢᠳᠬᠡᠯ ᠢ ᠪᠣᠶ ᠪᠣᠯᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠰᠤᠷᠭᠠᠨ ᠬᠥᠮᠦᠵᠢᠯ  ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠡᠢ᠃     ᠲᠣᠰ ᠤᠳᠠᠭᠠᠨ ᠤ ᠶᠠᠷᠢᠯᠴᠠᠬᠤ ᠬᠤᠷᠠᠯ ᠨᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠬᠥᠲᠥᠯᠥᠨ ᠳᠠᠭᠠᠭᠤᠯᠬᠤ᠂ ᠨᠢᠭᠡᠳᠦᠯᠲᠡᠢ ᠲᠥᠯᠥᠪᠯᠡᠨ ᠠᠬᠢᠭᠤᠯᠬᠤ︾ ᠪᠠᠷ ᠭᠤᠣᠯ ᠪᠣᠯᠭᠠᠭᠰᠠᠨ ᠠᠷᠭ᠎ᠠ ᠵᠠᠮ ᠢ ᠲᠣᠳᠣᠷᠬᠠᠶᠢᠯᠠᠭᠰᠠᠨ ᠪᠠᠶᠢᠨ᠎ᠠ᠃  ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号