4 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠪᠦᠬᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ︽5·1︾ ᠤ | ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ 2025 ᠣᠨ ᠤ ᠪᠦᠬᠦ ᠬᠤᠰᠢᠭᠤᠨ ᠤ ᠬᠥᠳᠡᠯᠮᠦᠷᠢ ᠶᠢᠨ ᠵᠢᠱᠢᠶᠡᠴᠢ | ᠂ ᠲᠡᠷᠢᠭᠦᠨ ᠤ ᠠᠵᠢᠯᠲᠠᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ | | ᠬᠤᠰᠢᠭᠤ ᠨᠠᠮ ᠤᠨ ᠬᠤᠷᠢᠶᠠᠨ ᠤ ᠲᠠᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠦ᠋ ᠵᠦ ᠵᠢᠴᠢ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ | ᠬᠤᠷᠠᠯ ᠳᠤ ᠣᠷᠣᠯᠴᠠᠪᠠ᠃ ᠬᠤᠰᠢᠭᠤᠨ ᠤ ᠤᠯᠤᠰ ᠲᠥᠷᠥ ᠶᠢᠨ ᠵᠦᠪᠯᠡᠯᠬᠡᠨ ᠤ ᠲᠠᠳ᠋ ᠲᠠᠷᠢᠬᠦᠯᠡᠭᠴᠢ᠂ | ᠠᠵᠢᠯᠴᠢᠨ ᠤ ᠶᠡᠷᠦᠩᠬᠡᠢ ᠡᠪᠯᠡᠯ ᠤᠨ ᠲᠡᠷᠢᠬᠦᠯᠡᠭᠴᠢ ᠰᠠᠷᠠᠨᠲᠤᠶᠠᠭ᠎ᠠ ᠬᠤᠷᠠᠯ ᠢ ᠡᠷᠬᠢᠯᠠᠵᠡᠢ᠃ | | | ᠬᠤᠷᠠᠯ ᠲᠡᠬᠡᠷ᠎ᠠ᠂ ᠡᠯ᠎ᠠ ᠠᠵᠢᠯ ᠲᠦᠷᠦᠯ ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ | ᠠᠵᠢᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠵᠦ᠂ ᠰᠠᠨᠠᠯ ᠪᠤᠳᠣᠯ ᠢᠶᠠᠨ ᠬᠤᠪᠢᠶᠠᠯᠴᠠᠵᠡᠢ᠃ | ᠬᠤᠰᠢᠭᠤ ᠨᠠᠮ ᠤᠨ ᠬᠤᠷᠢᠶᠠᠨ ᠤ ᠲᠠᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠦ᠋ ᠵᠦ ᠶᠠᠷᠢᠶᠠᠨ ᠳᠠᠭᠠᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠤᠨ ᠪᠦᠭᠦ | ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ | ᠭᠦᠢᠴᠡᠳ ᠨᠤᠲᠠᠯᠠᠵᠠᠢ᠃ ᠲᠡᠷᠡ ᠶᠠᠷᠢᠬᠤ ᠳᠠᠭᠠᠨ ᠬᠥᠳᠡᠯᠮᠦᠷᠢ ᠶᠢᠨ ᠵᠢᠱᠢᠶᠡᠴᠢ ᠪᠣᠯ ᠬᠥᠭᠵᠢᠯᠲᠡ ᠶᠢ ᠠᠬᠢᠭᠤᠯᠬᠤ | ᠲᠤᠯᠭᠠᠭᠤᠷᠢ ᠬᠦᠴᠦᠨ ᠮᠥᠨ᠂ ᠤᠯᠠᠨ ᠢᠶᠠᠷ ᠢᠶᠠᠨ ᠤᠭ ᠰᠠᠨᠠᠭ᠎ᠠ ᠪᠠᠨ ᠪᠠᠲᠤ ᠰᠠᠬᠢᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠬᠦᠰᠡᠵᠦ | ᠪᠠᠶᠢᠨ᠎ᠠ᠃ ᠡᠭᠦᠨ ᠤ ᠬᠠᠮᠲᠤ ᠠᠵᠢᠯᠴᠢᠨ ᠤ ᠶᠠᠷᠤᠩᠬᠡᠢ ᠡᠪᠯᠡᠯ ᠠᠴᠠ ᠬᠥᠳᠡᠯᠮᠦᠷᠢ ᠶᠢᠨ ᠵᠢᠱᠢᠶᠡᠴᠢ ᠶᠢᠨ | ᠤᠬᠠᠭᠤᠯᠭ᠎ᠠ ᠶᠢ ᠴᠢᠩᠭᠠᠳᠬᠠᠵᠤ᠂ ᠬᠠᠯᠠᠮᠵᠢᠯᠠᠨ ᠬᠠᠪᠰᠣᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠬᠥᠳᠡᠯᠮᠦᠷᠢ ᠪᠠᠷ ᠢᠷᠠᠭᠤ ᠠᠯᠳᠠᠷ ᠪᠤᠯᠭᠠᠬᠤ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠠᠵᠢᠯᠲᠠᠨ ᠠᠵᠢᠯᠴᠢᠨ | ᠣᠯᠠᠨ ᠲᠦᠮᠡᠨ ᠢ ᠪᠦᠯᠬᠦᠮᠳᠡᠭᠦᠯᠦᠨ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ | |