4 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠬᠠᠢ | ᠡᠯ ᠪᠦᠯᠦᠭᠯᠡᠯ ᠵᠢᠴᠢ ᠪᠠᠷᠠᠭᠤᠨ ᠦᠵᠦᠮᠦᠴᠢᠨ ᠬᠤᠰᠢᠭᠤᠨ ᠤ ᠬᠠᠢ ᠡᠯ ᠤᠨ ᠲᠤᠰᠬᠠᠢ ᠬᠤᠳᠠᠯᠳᠤᠭᠠᠨ ᠤ ᠳᠡᠯᠭᠡᠭᠦᠷ ᠲᠠᠢ | ᠬᠠᠮᠲᠣᠷᠠᠨ᠂ ︽ᠠᠵᠢᠯᠲᠠᠨ ᠠᠵᠢᠯᠴᠢᠨ ᠲᠠᠢ ᠪᠠᠨ ᠰᠡᠳᠬᠢᠯ ᠢᠶᠠᠨ ᠬᠤᠯᠪᠣᠵᠤ · ᠬᠠᠶᠢᠷ᠎ᠠ ᠬᠠᠯᠠᠮᠵᠢ ᠪᠠᠷ ᠠᠷᠠᠳ ᠲᠤ ᠠᠰᠢᠭ | ᠬᠦᠷᠲᠡᠭᠡᠬᠦ︾ ᠭᠡᠷ ᠤᠨ ᠴᠠᠬᠢᠯᠭᠠᠨ ᠬᠡᠷᠡᠭᠰᠡᠯ ᠤᠨ ᠲᠤᠰᠬᠠᠢ ᠨᠥᠬᠦᠪᠦᠷᠢ ᠶᠢᠨ ᠠᠵᠢᠯᠯᠠᠭ᠎ᠠ ᠶᠢ ᠡᠷᠬᠢᠯᠡᠵᠤ᠂ ᠭᠡᠷ ᠤᠨ | ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠵᠤ᠂ ᠺᠠᠳ᠋ᠷ ᠠᠵᠢᠯᠲᠠᠳ ᠲᠤ | ᠪᠣᠳᠠᠲᠤ ᠠᠰᠢᠭ ᠬᠦᠷᠳᠡᠭᠡᠭᠰᠡᠨ ᠢᠶᠠᠷ ᠪᠠᠷᠠᠬᠤ ᠦᠭᠡᠢ ᠬᠡᠷᠡᠭᠯᠡᠭᠡᠨ ᠤ ᠵᠠᠬ᠎ᠠ ᠳᠡᠯᠭᠡᠭᠦᠷ ᠲᠤ ᠴᠦ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠨᠡᠮᠡᠷᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 3 ᠨᠡᠷ᠎ᠡ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ | ᠬᠠᠯᠠᠭᠤᠨ ᠤᠰᠤᠨ ᠤ ᠮᠠᠰᠢᠨ ᠬᠦᠷᠲᠡᠵᠦ᠂ 10 ᠨᠡᠷ᠎ᠡ ᠬᠦᠴᠢᠷᠳᠡᠯᠲᠡᠢ ᠠᠵᠢᠯᠲᠠᠨ ᠠᠵᠢᠯᠴᠢᠨ ᠴᠠᠬᠢᠯᠭᠠᠨ ᠲᠣᠭᠤᠭᠠᠨ ᠤ | ᠬᠠᠨᠳᠢᠪ ᠢ ᠲᠤᠰᠴᠠᠢ᠃ ᠡᠨᠡᠬᠦ ᠬᠠᠶᠢᠷ᠎ᠠ ᠬᠠᠯᠠᠮᠵᠢ ᠨᠢ ᠬᠥᠳᠡᠯᠮᠦᠷᠢ ᠶᠢᠨ ᠵᠢᠱᠢᠶᠡᠴᠢ ᠶᠢᠨ ᠰᠢᠷᠭᠠᠭᠤ ᠴᠢᠷᠮᠠᠶᠢᠯᠭ᠎ᠠ ᠳᠤ | ᠬᠦᠨᠳᠦᠳᠬᠡᠯ ᠳᠡᠪᠰᠢᠭᠦᠯᠵᠦ ᠪᠠᠶᠢᠬᠤ ᠪᠠᠷ ᠪᠠᠷᠠᠬᠤ ᠦᠭᠡᠢ ᠨᠡᠩ ᠴᠤ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠯᠠᠮᠵᠢᠯᠠᠨ | ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠡᠭᠦᠨ ᠤ ᠬᠠᠮᠲᠤ᠂ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ | ᠭᠡᠰᠢᠭᠦᠳ ᠲᠤ ᠬᠠᠨᠳᠤᠭᠤᠯᠤᠨ ᠲᠠᠷᠬᠠᠭᠠᠭᠰᠠᠨ ᠭᠡᠷ ᠤᠨ ᠴᠠᠬᠢᠯᠭᠠᠨ ᠬᠡᠷᠡᠭᠰᠡᠯ ᠤᠨ ᠠᠷᠠᠳ ᠲᠤ ᠠᠰᠢᠭ ᠬᠦᠷᠲᠡᠭᠡᠬᠦ | ᠨᠥᠬᠦᠪᠦᠷᠢ ᠶᠢ ᠵᠠᠰᠠᠭ ᠤᠨ ᠣᠷᠳᠣᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ | ᠲᠠᠢ ᠤᠶᠠᠯᠳᠤᠭᠤᠯᠤᠨ᠂ ᠦᠢ ᠣᠯᠠᠨ ᠠᠵᠢᠯᠲᠠᠨ ᠠᠵᠢᠯᠴᠢᠨ ᠢ ᠢᠳᠡᠪᠬᠢᠲᠡᠢ ᠣᠷᠣᠯᠴᠠᠭᠤᠯᠣᠭᠰᠠᠨ ᠪᠠᠶᠢᠨ᠎ᠠ᠃ ᠣᠯᠠᠨ ᠢᠶᠠᠷ | ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠨᠢ ᠭᠡᠷ ᠤᠨ ᠴᠠᠬᠢᠯᠭᠠᠨ ᠬᠡᠷᠡᠭᠰᠡᠯ ᠤᠨ ᠰᠢᠨ᠎ᠡ ᠬᠡᠷᠡᠭᠴᠡᠭᠡ ᠶᠢ | ᠬᠠᠩᠭᠠᠭᠰᠠᠨ ᠮᠥᠷᠲᠡᠭᠡᠨ ᠵᠠᠷᠤᠯᠭ᠎ᠠ ᠶᠢ ᠴᠤ ᠠᠷᠪᠢᠯᠠᠵᠤ᠂ ᠠᠵᠢᠯᠲᠠᠨ ᠠᠵᠢᠯᠴᠢᠨ ᠳᠤ ᠦᠨᠡᠨ ᠬᠦ ᠪᠣᠳᠠᠲᠤ ᠠᠰᠢᠭ | ᠬᠦᠷᠲᠡᠭᠡᠭᠰᠡᠨ ᠪᠠᠶᠢᠨ᠎ᠠ ᠭᠡᠵᠡᠢ᠃ | ᠲᠣᠰ ᠤᠳᠠᠭᠠᠨ ᠤ ᠭᠡᠷ ᠤᠨ ᠴᠠᠬᠢᠯᠭᠠᠨ ᠬᠡᠷᠡᠭᠰᠡᠯ ᠤᠨ ᠨᠥᠬᠦᠪᠦᠷᠢ ᠶᠢᠨ ᠠᠵᠢᠯᠯᠠᠭ᠎ᠠ ᠪᠣᠯ ᠪᠠᠷᠠᠭᠤᠨ ᠦᠵᠦᠮᠦᠴᠢᠨ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ︽ᠪᠢ ᠠᠵᠢᠯᠲᠠᠨ ᠠᠵᠢᠯᠴᠢᠨ ᠳᠠᠭᠠᠨ ᠪᠣᠳᠠᠲᠠᠢ ᠠᠵᠢᠯ ᠬᠢᠵᠦ ᠥᠭᠬᠦ︾ | ᠠᠵᠢᠯᠯᠠᠭ᠎ᠠ ᠶᠢ ᠭᠦᠨᠵᠡᠭᠡᠶᠢᠷᠡᠭᠦᠯᠦᠭᠰᠡᠨ ᠠᠮᠢᠳᠤᠯᠢᠭ ᠦᠢᠯᠡᠳᠦᠯᠭᠡ ᠪᠣᠯᠣᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠵᠠᠰᠠᠭ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠪᠠᠷ ᠳᠡᠮᠵᠢᠨ᠂ ᠪᠥᠬᠦ ᠬᠤᠰᠢᠭᠤᠨ ᠤ | ᠥᠷᠭᠡᠨ ᠣᠯᠠᠨ ᠺᠠᠳ᠋ᠷ ᠠᠵᠢᠯᠲᠠᠨ ᠤ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠬᠠᠮᠲᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠯᠠᠨ ᠡᠰᠢᠴᠢᠯᠡᠭᠰᠡᠨ ᠬᠥᠭᠵᠢᠯᠲᠡ ᠶᠢ | ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ | ᠢᠷᠡᠭᠡᠳᠦᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠠᠵᠢᠯᠲᠠᠨ | ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠷᠠᠳ ᠲᠤ ᠠᠰᠢᠭ ᠬᠦᠷᠲᠡᠭᠡᠬᠦ ᠨᠠᠩ ᠣᠯᠠᠨ ᠠᠷᠭ᠎ᠠ ᠬᠡᠮᠵᠢᠶ᠎ᠡ | ᠭᠠᠷᠭᠠᠵᠤ᠂ ᠠᠵᠢᠯᠲᠠᠨ ᠠᠵᠢᠯᠴᠢᠨ ᠳᠤ ᠠᠰᠢᠭ ᠲᠤᠰᠠ ᠣᠯᠭᠤᠵᠤ᠂ ᠪᠣᠳᠠᠲᠠᠢ ᠠᠵᠢᠯ ᠬᠢᠬᠦ ᠪᠣᠯᠣᠨ᠎ᠠ᠃ | ᠬᠡᠷᠡᠭᠯᠡᠭᠴᠢ ᠭᠦᠸᠧ ᠯᠢ ᠰᠢᠶᠠ : ︽ᠪᠢ ᠤᠤᠯ ᠨᠢ ᠡᠨᠡ ᠬᠥᠯᠳᠡᠭᠡᠭᠦᠷ ᠢ ᠦᠵᠡᠵᠦ ᠥᠩᠭᠡᠷᠡᠭᠰᠡᠨ᠂ 12000 | ᠭᠠᠷᠤᠢ ᠲᠥᠭᠦᠷᠢᠭ ᠪᠠᠶᠢᠭᠰᠠᠨ᠂ ᠥᠨᠥᠳᠥᠷ ᠪᠢ ᠡᠨᠡ ᠬᠥᠯᠳᠡᠭᠡᠭᠦᠷ ᠢ ᠬᠤᠳᠠᠯᠳᠤᠨ ᠠᠪᠤᠶ᠎ᠠ ᠭᠡᠵᠦ ᠪᠣᠳᠣᠵᠤ ᠪᠠᠶᠢᠵᠠᠢ᠂ | ᠬᠥᠳᠡᠯᠭᠡᠭᠡᠨ ᠤ ᠦᠨ᠎ᠡ ᠨᠢ 8500 ᠲᠥᠭᠦᠷᠢᠭ ᠂ ᠳᠡᠭᠡᠷ᠎ᠡ ᠨᠢ ᠮᠠᠨ ᠤ ᠠᠵᠢᠯᠴᠢᠨ ᠤ ᠡᠪᠯᠡᠯ ᠪᠠᠰᠠ 400 ᠲᠥᠭᠦᠷᠢᠭ | ᠨᠥᠬᠦᠪᠦᠷᠢᠯᠡᠵᠦ ᠥᠭᠭᠦᠭᠰᠡᠨ ᠪᠣᠯᠬᠤᠷ ᠡᠨᠡ ᠬᠠᠩᠰᠢ ᠨᠢ ᠮᠠᠰᠢ ᠲᠣᠬᠢᠷᠠᠮᠵᠢᠲᠠᠢ ᠪᠣᠯᠬᠤᠷ ᠪᠢ ᠰᠢᠭᠤᠳ ᠵᠠᠬᠢᠶᠠᠯᠠᠵᠠᠢ︾ | ᠭᠡᠯᠡ ᠃ | | | | |