4 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ | ᠬᠠᠢ ᠡᠯ ᠪᠦᠯᠦᠭᠯᠡᠯ ᠵᠢᠴᠢ ᠪᠠᠷᠠᠭᠤᠨ ᠦᠵᠦᠮᠦᠴᠢᠨ ᠬᠤᠰᠢᠭᠤᠨ ᠤ ᠬᠠᠢ ᠡᠯ ᠤᠨ ᠲᠤᠰᠬᠠᠢ ᠬᠤᠳᠠᠯᠳᠤᠭᠠᠨ ᠤ | ᠳᠡᠯᠭᠡᠭᠦᠷ ᠲᠠᠢ ᠬᠠᠮᠲᠣᠷᠠᠨ᠂ ︽ᠠᠵᠢᠯᠲᠠᠨ ᠠᠵᠢᠯᠴᠢᠨ ᠲᠠᠢ ᠪᠠᠨ ᠰᠡᠳᠬᠢᠯ ᠢᠶᠠᠨ ᠬᠤᠯᠪᠣᠵᠤ · ᠬᠠᠶᠢᠷ᠎ᠠ | ᠬᠠᠯᠠᠮᠵᠢ ᠪᠠᠷ ᠠᠷᠠᠳ ᠲᠤ ᠠᠰᠢᠭ ᠬᠦᠷᠲᠡᠭᠡᠬᠦ︾ ᠭᠡᠷ ᠤᠨ ᠴᠠᠬᠢᠯᠭᠠᠨ ᠬᠡᠷᠡᠭᠰᠡᠯ ᠤᠨ ᠲᠤᠰᠬᠠᠢ ᠨᠥᠬᠦᠪᠦᠷᠢ ᠶᠢᠨ | ᠠᠵᠢᠯᠯᠠᠭ᠎ᠠ ᠶᠢ ᠡᠷᠬᠢᠯᠡᠵᠤ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠲᠦᠯᠬᠢᠨ ᠠᠬᠢᠭᠤᠯᠵᠤ᠂ ᠺᠠᠳ᠋ᠷ ᠠᠵᠢᠯᠲᠠᠳ ᠲᠤ ᠪᠣᠳᠠᠲᠤ ᠠᠰᠢᠭ ᠬᠦᠷᠳᠡᠭᠡᠭᠰᠡᠨ ᠢᠶᠠᠷ ᠪᠠᠷᠠᠬᠤ ᠦᠭᠡᠢ ᠬᠡᠷᠡᠭᠯᠡᠭᠡᠨ ᠤ | ᠵᠠᠬ᠎ᠠ ᠳᠡᠯᠭᠡᠭᠦᠷ ᠲᠤ ᠴᠦ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 3 ᠨᠡᠷ᠎ᠡ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ | ᠬᠠᠯᠠᠭᠤᠨ ᠤᠰᠤᠨ ᠤ ᠮᠠᠰᠢᠨ ᠬᠦᠷᠲᠡᠵᠦ᠂ 10 ᠨᠡᠷ᠎ᠡ ᠬᠦᠴᠢᠷᠳᠡᠯᠲᠡᠢ ᠠᠵᠢᠯᠲᠠᠨ ᠠᠵᠢᠯᠴᠢᠨ ᠴᠠᠬᠢᠯᠭᠠᠨ | ᠲᠣᠭᠤᠭᠠᠨ ᠤ ᠬᠠᠨᠳᠢᠪ ᠢ ᠲᠤᠰᠴᠠᠢ᠃ ᠡᠨᠡᠬᠦ ᠬᠠᠶᠢᠷ᠎ᠠ ᠬᠠᠯᠠᠮᠵᠢ ᠨᠢ ᠬᠥᠳᠡᠯᠮᠦᠷᠢ ᠶᠢᠨ ᠵᠢᠱᠢᠶᠡᠴᠢ ᠶᠢᠨ ᠰᠢᠷᠭᠠᠭᠤ | ᠴᠢᠷᠮᠠᠶᠢᠯᠭ᠎ᠠ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠠᠷ ᠪᠠᠷᠠᠬᠤ ᠦᠭᠡᠢ ᠨᠡᠩ ᠴᠤ ᠬᠦᠴᠢᠷᠳᠡᠯᠲᠡᠢ ᠠᠵᠢᠯᠲᠠᠨ | ᠠᠵᠢᠯᠴᠢᠨ ᠢ ᠬᠠᠯᠠᠮᠵᠢᠯᠠᠨ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠡᠭᠦᠨ ᠤ ᠬᠠᠮᠲᠤ᠂ ᠪᠥᠬᠦ ᠬᠤᠰᠢᠭᠤᠨ | ᠤ ᠠᠵᠢᠯᠴᠢᠨ ᠤ ᠡᠪᠯᠡᠯ ᠤᠨ ᠭᠡᠰᠢᠭᠦᠳ ᠲᠤ ᠬᠠᠨᠳᠤᠭᠤᠯᠤᠨ ᠲᠠᠷᠬᠠᠭᠠᠭᠰᠠᠨ ᠭᠡᠷ ᠤᠨ ᠴᠠᠬᠢᠯᠭᠠᠨ ᠬᠡᠷᠡᠭᠰᠡᠯ ᠤᠨ | ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠵᠠᠰᠠᠭ ᠤᠨ ᠣᠷᠳᠣᠨ ᠤ ᠬᠠᠭᠤᠴᠢᠨ ᠢᠶᠠᠷ ᠰᠢᠨ᠎ᠡ ᠶᠢ ᠰᠣᠯᠢᠬᠤ | ᠨᠥᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠦᠢ ᠣᠯᠠᠨ ᠠᠵᠢᠯᠲᠠᠨ ᠠᠵᠢᠯᠴᠢᠨ ᠢ | ᠢᠳᠡᠪᠬᠢᠲᠡᠢ ᠣᠷᠣᠯᠴᠠᠭᠤᠯᠣᠭᠰᠠᠨ ᠪᠠᠶᠢᠨ᠎ᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠠᠵᠢᠯᠯᠠᠭ᠎ᠠ ᠨᠢ ᠭᠡᠷ ᠤᠨ ᠴᠠᠬᠢᠯᠭᠠᠨ ᠬᠡᠷᠡᠭᠰᠡᠯ ᠤᠨ ᠰᠢᠨ᠎ᠡ ᠬᠡᠷᠡᠭᠴᠡᠭᠡ ᠶᠢ ᠬᠠᠩᠭᠠᠭᠰᠠᠨ ᠮᠥᠷᠲᠡᠭᠡᠨ ᠵᠠᠷᠤᠯᠭ᠎ᠠ ᠶᠢ | ᠴᠤ ᠠᠷᠪᠢᠯᠠᠵᠤ᠂ ᠠᠵᠢᠯᠲᠠᠨ ᠠᠵᠢᠯᠴᠢᠨ ᠳᠤ ᠦᠨᠡᠨ ᠬᠦ ᠪᠣᠳᠠᠲᠤ ᠠᠰᠢᠭ ᠬᠦᠷᠲᠡᠭᠡᠭᠰᠡᠨ ᠪᠠᠶᠢᠨ᠎ᠠ ᠭᠡᠵᠡᠢ᠃ | ᠲᠣᠰ ᠤᠳᠠᠭᠠᠨ ᠤ ᠭᠡᠷ ᠤᠨ ᠴᠠᠬᠢᠯᠭᠠᠨ ᠬᠡᠷᠡᠭᠰᠡᠯ ᠤᠨ ᠨᠥᠬᠦᠪᠦᠷᠢ ᠶᠢᠨ ᠠᠵᠢᠯᠯᠠᠭ᠎ᠠ ᠪᠣᠯ ᠪᠠᠷᠠᠭᠤᠨ | ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ︽ᠪᠢ ᠠᠵᠢᠯᠲᠠᠨ ᠠᠵᠢᠯᠴᠢᠨ ᠳᠠᠭᠠᠨ ᠪᠣᠳᠠᠲᠠᠢ | ᠠᠵᠢᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠭᠰᠡᠨ ᠠᠮᠢᠳᠤᠯᠢᠭ ᠦᠢᠯᠡᠳᠦᠯᠭᠡ ᠪᠣᠯᠣᠨ᠎ᠠ᠃ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠰᠠᠭ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠬᠤ ᠪᠠᠷ ᠳᠡᠮᠵᠢᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠤ ᠵᠣᠯ ᠵᠢᠷᠭᠠᠯ ᠤᠨ | ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠬᠡᠷᠡᠭᠯᠡᠭᠡᠨ ᠤ | ᠵᠠᠬ᠎ᠠ ᠳᠡᠯᠭᠡᠭᠦᠷ ᠤᠨ ᠣᠯᠠᠨ ᠡᠰᠢᠴᠢᠯᠡᠭᠰᠡᠨ ᠬᠥᠭᠵᠢᠯᠲᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ | ᠢᠷᠡᠭᠡᠳᠦᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ | ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠷᠠᠳ ᠲᠤ ᠠᠰᠢᠭ ᠬᠦᠷᠲᠡᠭᠡᠬᠦ ᠨᠠᠩ ᠣᠯᠠᠨ | ᠠᠷᠭ᠎ᠠ ᠬᠡᠮᠵᠢᠶ᠎ᠡ ᠭᠠᠷᠭᠠᠵᠤ᠂ ᠠᠵᠢᠯᠲᠠᠨ ᠠᠵᠢᠯᠴᠢᠨ ᠳᠤ ᠠᠰᠢᠭ ᠲᠤᠰᠠ ᠣᠯᠭᠤᠵᠤ᠂ ᠪᠣᠳᠠᠲᠠᠢ ᠠᠵᠢᠯ ᠬᠢᠬᠦ | ᠪᠣᠯᠣᠨ᠎ᠠ᠃ | ᠬᠡᠷᠡᠭᠯᠡᠭᠴᠢ ᠭᠦᠸᠧ ᠯᠢ ᠰᠢᠶᠠ ᠄ ︽ᠪᠢ ᠤᠤᠯ ᠨᠢ ᠡᠨᠡ ᠬᠥᠯᠳᠡᠭᠡᠭᠦᠷ ᠢ ᠦᠵᠡᠵᠦ ᠥᠩᠭᠡᠷᠡᠭᠰᠡᠨ᠂ | 12000 ᠭᠠᠷᠤᠢ ᠲᠥᠭᠦᠷᠢᠭ ᠪᠠᠶᠢᠭᠰᠠᠨ᠂ ᠥᠨᠥᠳᠥᠷ ᠪᠢ ᠡᠨᠡ ᠬᠥᠯᠳᠡᠭᠡᠭᠦᠷ ᠢ ᠬᠤᠳᠠᠯᠳᠤᠨ ᠠᠪᠤᠶ᠎ᠠ ᠭᠡᠵᠦ | ᠪᠣᠳᠣᠵᠤ ᠪᠠᠶᠢᠵᠠᠢ᠂ ᠬᠥᠳᠡᠯᠭᠡᠭᠡᠨ ᠤ ᠦᠨ᠎ᠡ ᠨᠢ 8500 ᠲᠥᠭᠦᠷᠢᠭ ᠂ ᠳᠡᠭᠡᠷ᠎ᠡ ᠨᠢ ᠮᠠᠨ ᠤ ᠠᠵᠢᠯᠴᠢᠨ ᠤ | ᠡᠪᠯᠡᠯ ᠪᠠᠰᠠ 400 ᠲᠥᠭᠦᠷᠢᠭ ᠨᠥᠬᠦᠪᠦᠷᠢᠯᠡᠵᠦ ᠥᠭᠭᠦᠭᠰᠡᠨ ᠪᠣᠯᠬᠤᠷ ᠡᠨᠡ ᠬᠠᠩᠰᠢ ᠨᠢ ᠮᠠᠰᠢ ᠲᠣᠬᠢᠷᠠᠮᠵᠢᠲᠠᠢ | ᠪᠣᠯᠬᠤᠷ ᠪᠢ ᠰᠢᠭᠤᠳ ᠵᠠᠬᠢᠶᠠᠯᠠᠵᠠᠢ︾ ᠭᠡᠯᠡ ᠃ | | | | |