3 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠦᠬᠦ ᠬᠤᠰᠢᠭᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠦᠷ᠎ᠡ ᠪᠦᠲᠦᠮᠵᠢ ᠶᠢ ᠳ᠋ᠦᠩᠨᠡᠨ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ | ᠪᠠᠶᠢᠷᠢᠯᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠤ ᠯᠢᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ ᠬᠤᠷᠠᠯ ᠢ ᠡᠷᠬᠢᠯᠡᠵᠡᠢ᠃ | | ᠪᠤᠤ ᠯᠢᠨ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠪᠦᠬᠦ ᠬᠤᠰᠢᠭᠤᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠣᠯᠣᠨ ᠨᠡᠶᠢᠭᠡᠮ ᠠᠵᠤ ᠠᠬᠤᠢ | ᠶᠢᠨ ᠬᠥᠭᠵᠢᠯᠲᠡ ᠶᠢ ᠵᠡᠷᠭᠡᠪᠡᠷ ᠠᠬᠢᠭᠤᠯᠤᠨ᠂ ᠮᠠᠰᠢ ᠣᠯᠠᠨ ᠠᠵᠢᠯ ᠳᠤ ᠰᠢᠨ᠎ᠡ ᠶᠢ ᠡᠭᠦᠳᠬᠦ᠂ ᠥᠪᠡᠷᠮᠢᠴᠡ | ᠣᠨᠴᠠᠯᠢᠭ ᠢ ᠳᠣᠪᠣᠶᠢᠯᠭᠠᠬᠤ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠦᠨ᠂ ᠨᠠᠮ ᠤᠨ ᠪᠠᠶᠢᠭᠤᠯᠤᠯᠲᠠ | ᠪᠠᠷ ᠬᠥᠲᠥᠯᠥᠨ ᠳᠠᠭᠠᠭᠤᠯᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠡᠨᠡ ᠵᠢᠯ | ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠵᠢᠯ ᠪᠣᠯᠣᠨ᠎ᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠢ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠣᠨ | ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ | ᠂ ᠨᠢᠭᠡ ᠭᠤᠣᠯ ᠱᠤᠭᠤᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ | ᠲᠣᠭᠤᠷᠢᠨ ᠳᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠥᠷᠥ ᠶᠢᠨ | ᠡᠭᠦᠷᠭᠡ ᠶᠢ ᠡᠷᠡᠰ ᠡᠭᠦᠷᠭᠡᠯᠡᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠠᠷᠠᠭᠤᠨ ᠦᠵᠦᠮᠦᠴᠢᠨ ᠬᠤᠰᠢᠭᠤᠨ | ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠨᠠᠮ ᠤᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠰᠠᠶᠢᠨ ᠬᠢᠬᠦ ᠶᠢᠨ ᠲᠣᠭᠤᠷᠢᠨ ᠳᠤ ᠪᠣᠤ ᠯᠢᠨ | ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ | ᠭᠤᠣᠯᠳᠠᠯᠭ᠎ᠠ ᠶᠢ ᠳᠣᠪᠣᠶᠢᠯᠭᠠᠨ᠂ ᠵᠠᠩᠭᠢᠯᠠᠭ᠎ᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ | ᠴᠢᠨᠰᠠᠭ᠎ᠠ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭᠠᠨ ᠤ | ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠂ ᠰᠤᠷᠲᠠᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠨᠠᠮ ᠪᠠ | ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠂ ᠣᠯᠠᠨ ᠲᠦᠮᠡᠨ ᠤ | ᠬᠠᠮᠤᠭ ᠠᠴᠠ ᠰᠠᠨᠠᠭᠠᠰᠢᠷᠠᠵᠤ ᠪᠠᠶᠢᠭ᠎ᠠ᠂ ᠰᠢᠭᠤᠳ ᠪᠦᠭᠡᠳ ᠪᠣᠳᠠᠲᠠᠢ ᠠᠰᠠᠭᠤᠳᠠᠯ ᠢ ᠬᠢᠨᠠᠮᠠᠭᠠᠢ ᠰᠢᠢᠳᠪᠦᠷᠢᠯᠡᠬᠦ | ᠬᠡᠷᠡᠭᠲᠡᠢ᠃ ᠰᠤᠷᠠᠭ ᠵᠠᠩᠭᠢᠴᠢᠯᠠᠬᠤ᠂ ᠲᠣᠭᠠᠴᠢᠯᠠᠬᠤ ᠶᠢ ᠠᠬᠢᠭᠤᠯᠵᠤ᠂ ᠶᠡᠭᠡ ᠲᠤᠭ᠎ᠠ ᠪᠠᠷᠢᠮᠲᠠ᠂ ᠵᠣᠬᠢᠶᠠᠮᠠᠯ ᠣᠶᠣᠨ | ᠵᠡᠷᠭᠡ ᠮᠡᠷᠭᠡᠵᠢᠯ ᠢ ᠭᠦᠢᠴᠡᠳ ᠠᠰᠢᠭᠯᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠣᠯᠣᠨ | ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠪᠣᠤ ᠯᠢᠨ ᠴᠢᠬᠤᠯᠠᠴᠢᠯᠠᠬᠤ ᠳᠠᠭᠠᠨ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠠᠵᠢᠯ | ᠤᠨ ᠬᠠᠷᠢᠭᠤᠴᠠᠯᠭ᠎ᠠ᠂ ᠤᠯᠤᠰ ᠲᠥᠷᠥ ᠶᠢᠨ ᠡᠭᠦᠷᠭᠡᠯᠡᠯ ᠢ ᠡᠷᠬᠡᠪᠰᠢ ᠴᠢᠩᠭᠠᠳᠬᠠᠨ᠂ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠣᠳᠣᠷᠬᠠᠢ᠂ ᠭᠤᠭᠴᠤᠭ᠎ᠠ ᠪᠦᠷᠢ ᠴᠢᠩᠭ᠎ᠠ ᠠᠪᠴᠠᠯᠳᠤᠭᠰᠠᠨ | ᠬᠠᠷᠢᠭᠤᠴᠠᠯᠭ᠎ᠠ ᠶᠢᠨ ᠬᠡᠯᠬᠢᠶ᠎ᠡ ᠪᠣᠯᠣᠨ ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ | ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ | ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠨᠡᠶᠢᠭᠡᠮ ᠤᠨ ᠠᠵᠢᠯ ᠤᠨ ᠬᠡᠯᠲᠡᠰ ᠪᠣᠯᠣᠨ ᠪᠦᠯᠬᠦᠮ ᠤᠨ ᠠᠵᠢᠯ | ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠮᠵᠢ ᠶᠢ ᠲᠣᠳᠣᠷᠬᠠᠶᠢᠯᠠᠨ | ᠂ ᠬᠤᠷᠠᠯ ᠳᠤ ᠣᠷᠣᠯᠴᠠᠭᠰᠠᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠳᠠᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ | |