ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/3
    3 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳ᠋ᠦᠩᠨᠡᠨ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠤ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠢ ᠡᠷᠬᠢᠯᠡᠵᠡᠢ᠃
   ᠪᠤᠤ ᠯᠢᠨ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠣᠯᠣᠨ ᠨᠡᠶᠢᠭᠡᠮ ᠠᠵᠤ ᠠᠬᠤᠢ  ᠶᠢᠨ ᠬᠥᠭᠵᠢᠯᠲᠡ ᠶᠢ ᠵᠡᠷᠭᠡᠪᠡᠷ ᠠᠬᠢᠭᠤᠯᠤᠨ᠂ ᠮᠠᠰᠢ ᠣᠯᠠᠨ ᠠᠵᠢᠯ ᠳᠤ ᠰᠢᠨ᠎ᠡ ᠶᠢ ᠡᠭᠦᠳᠬᠦ᠂ ᠥᠪᠡᠷᠮᠢᠴᠡ ᠣᠨᠴᠠᠯᠢᠭ ᠢ ᠳᠣᠪᠣᠶᠢᠯᠭᠠᠬᠤ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠦᠨ᠂ ᠨᠠᠮ ᠤᠨ ᠪᠠᠶᠢᠭᠤᠯᠤᠯᠲᠠ  ᠪᠠᠷ ᠬᠥᠲᠥᠯᠥᠨ ᠳᠠᠭᠠᠭᠤᠯᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠡᠨᠡ ᠵᠢᠯ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠵᠢᠯ ᠪᠣᠯᠣᠨ᠎ᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠨᠢᠭᠡ ᠭᠤᠣᠯ ᠱᠤᠭᠤᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠥᠷᠥ ᠶᠢᠨ ᠡᠭᠦᠷᠭᠡ ᠶᠢ ᠡᠷᠡᠰ ᠡᠭᠦᠷᠭᠡᠯᠡᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠠᠷᠠᠭᠤᠨ ᠦᠵᠦᠮᠦᠴᠢᠨ ᠬᠤᠰᠢᠭᠤᠨ  ᠤ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠵᠡᠢ᠃      ᠨᠠᠮ ᠤᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠰᠠᠶᠢᠨ ᠬᠢᠬᠦ ᠶᠢᠨ ᠲᠣᠭᠤᠷᠢᠨ ᠳᠤ ᠪᠣᠤ ᠯᠢᠨ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠭᠤᠣᠯᠳᠠᠯᠭ᠎ᠠ ᠶᠢ ᠳᠣᠪᠣᠶᠢᠯᠭᠠᠨ᠂ ᠵᠠᠩᠭᠢᠯᠠᠭ᠎ᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠨᠠᠮ ᠪᠠ ᠣᠯᠠᠨ  ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠂ ᠣᠯᠠᠨ ᠲᠦᠮᠡᠨ ᠤ ᠬᠠᠮᠤᠭ ᠠᠴᠠ ᠰᠠᠨᠠᠭᠠᠰᠢᠷᠠᠵᠤ ᠪᠠᠶᠢᠭ᠎ᠠ᠂ ᠰᠢᠭᠤᠳ ᠪᠦᠭᠡᠳ ᠪᠣᠳᠠᠲᠠᠢ ᠠᠰᠠᠭᠤᠳᠠᠯ ᠢ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠰᠤᠷᠠᠭ ᠵᠠᠩᠭᠢᠴᠢᠯᠠᠬᠤ᠂ ᠲᠣᠭᠠᠴᠢᠯᠠᠬᠤ ᠶᠢ ᠠᠬᠢᠭᠤᠯᠵᠤ᠂ ᠶᠡᠭᠡ ᠲᠤᠭ᠎ᠠ ᠪᠠᠷᠢᠮᠲᠠ᠂ ᠵᠣᠬᠢᠶᠠᠮᠠᠯ ᠣᠶᠣᠨ ᠵᠡᠷᠭᠡ ᠮᠡᠷᠭᠡᠵᠢᠯ ᠢ ᠭᠦᠢᠴᠡᠳ ᠠᠰᠢᠭᠯᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠪᠣᠤ ᠯᠢᠨ ᠴᠢᠬᠤᠯᠠᠴᠢᠯᠠᠬᠤ ᠳᠠᠭᠠᠨ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠠᠵᠢᠯ  ᠤᠨ ᠬᠠᠷᠢᠭᠤᠴᠠᠯᠭ᠎ᠠ᠂ ᠤᠯᠤᠰ ᠲᠥᠷᠥ ᠶᠢᠨ ᠡᠭᠦᠷᠭᠡᠯᠡᠯ ᠢ ᠡᠷᠬᠡᠪᠰᠢ ᠴᠢᠩᠭᠠᠳᠬᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠣᠳᠣᠷᠬᠠᠢ᠂ ᠭᠤᠭᠴᠤᠭ᠎ᠠ ᠪᠦᠷᠢ ᠴᠢᠩᠭ᠎ᠠ ᠠᠪᠴᠠᠯᠳᠤᠭᠰᠠᠨ ᠬᠠᠷᠢᠭᠤᠴᠠᠯᠭ᠎ᠠ ᠶᠢᠨ ᠬᠡᠯᠬᠢᠶ᠎ᠡ ᠪᠣᠯᠣᠨ ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃    ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠨᠡᠶᠢᠭᠡᠮ ᠤᠨ ᠠᠵᠢᠯ ᠤᠨ ᠬᠡᠯᠲᠡᠰ ᠪᠣᠯᠣᠨ ᠪᠦᠯᠬᠦᠮ ᠤᠨ ᠠᠵᠢᠯ  ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠮᠵᠢ ᠶᠢ ᠲᠣᠳᠣᠷᠬᠠᠶᠢᠯᠠᠨ ᠂ ᠬᠤᠷᠠᠯ ᠳᠤ ᠣᠷᠣᠯᠴᠠᠭᠰᠠᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号