ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/4/3
     ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 4 ᠰᠠᠷ᠎ᠠ  ᠶᠢᠨ 1 ᠤ ᠦᠳᠡ ᠶᠢᠨ ᠡᠮᠦᠨ᠎ᠡ᠂ 2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠣᠪᠠ᠃     ᠰᠣᠨᠢᠨ ᠮᠡᠳᠡᠭᠡ ᠨᠡᠶᠢᠲᠡᠯᠡᠬᠦ ᠬᠤᠷᠠᠯ ᠳᠤ᠂ 2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠥᠷᠨᠢᠭᠦᠯᠬᠦ ᠪᠠᠶᠢᠳᠠᠯ᠂ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠵᠢᠴᠢ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠣᠯᠪᠠᠰᠣᠷᠠᠯ ᠤᠨ ᠪᠠᠶᠢᠳᠠᠯ ᠢ ᠨᠡᠶᠢᠲᠡᠯᠡᠪᠡ᠃      3 ᠰᠠᠷ᠎ᠠ ᠶᠢᠨ 15 ᠤ ᠡᠳᠦᠷ ᠠᠴᠠ ᠡᠬᠢᠯᠡᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ  ᠳᠤ ᠣᠷᠣᠭᠰᠠᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠣᠳᠠᠲᠠᠢ ᠠᠵᠢᠯ ᠢ ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠵᠠᠢ ᠃ 3 ᠰᠠᠷ᠎ᠠ ᠶᠢᠨ 11 ᠤ ᠡᠳᠦᠷ᠂ ᠬᠤᠰᠢᠭᠤ ᠵᠠᠰᠠᠭ ᠤᠨ ᠣᠷᠳᠣᠨ ︽2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠠᠯᠪᠠᠨ ᠵᠠᠷᠯᠠᠯ︾ ᠢ ᠨᠡᠶᠢᠲᠡᠯᠡᠵᠦ᠂ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭ᠎ᠠ ᠶᠢ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠪᠠᠷ ᠲᠣᠭᠲᠠᠪᠠ᠃ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠡᠯ᠎ᠡ ᠰᠤᠮᠤ ᠪᠠᠯᠭᠠᠰᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠣᠶᠢᠷ᠎ᠠ ᠶᠢᠨ ᠬᠤᠭᠤᠴᠠᠭᠠᠨ ᠳᠤ ᠴᠥᠮ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠪᠠ ᠪᠣᠯᠪᠠᠰᠤᠷᠠᠯ ᠤᠨ ᠬᠤᠷᠠᠯ ᠬᠢᠵᠦ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠠᠬᠢ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠬᠠᠮᠢᠶ᠎ᠠ ᠪᠦᠬᠦᠢ ᠨᠢᠭᠡᠴᠡ ᠶᠢ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠠᠬᠢ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠢ ᠳᠤᠨᠢ ᠪᠠᠶᠢᠴᠠᠭᠠᠨ ᠦᠭᠡᠶᠢᠰᠬᠡᠬᠦ ᠪᠠ ᠬᠦᠨᠳᠦ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠬᠤ ᠶᠢ ᠱᠠᠭᠠᠷᠳᠠᠪᠠ᠃      ᠤᠬᠠᠭᠤᠯᠭ᠎ᠠ ᠰᠣᠷᠲᠠᠯᠴᠢᠯᠠᠭ᠎ᠠ ᠶᠢᠨ ᠲᠠᠯ᠎ᠠ ᠪᠠᠷ᠂ ᠣᠶ ᠰᠢᠭᠤᠢ ᠨᠤᠲᠤᠭ ᠪᠡᠯᠴᠢᠭᠡᠷ ᠤᠨ ᠦᠢᠯᠡᠴᠢᠯᠡᠭᠡᠨ ᠤ ᠲᠥᠪ ᠨᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠬᠠᠩᠰᠢ  ᠶᠢᠨ ᠡᠳᠦᠷ ᠲᠤ ᠴᠢᠩᠭ᠎ᠠ ᠠᠩᠬᠠᠷᠴᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠡᠯ᠎ᠡ ᠴᠢᠬᠤᠯᠠ ᠴᠡᠭ ᠲᠤ ᠪᠠᠶᠢᠴᠠᠭᠠᠬᠤ ᠥᠷᠲᠡᠭᠡ ᠪᠠᠶᠢᠭᠤᠯᠵᠤ᠂ ᠭᠠᠯ ᠤᠨ ᠢᠷᠡᠯᠲᠡ ᠶᠢ ᠴᠢᠩᠭ᠎ᠠ ᠪᠠᠶᠢᠴᠠᠭᠠᠵᠤ᠂ ᠳᠠᠯᠳᠠ ᠬᠡᠮ ᠢ ᠦᠭᠡᠶᠢᠰᠬᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠤᠯᠤᠰ ᠤᠨ ᠵᠠᠮ ᠳᠠᠭᠠᠤ ᠣᠯᠠᠨ ᠤᠳᠠᠭ᠎ᠠ ᠲᠣᠭᠤᠷᠢᠨ ᠪᠠᠶᠢᠴᠠᠭᠠᠯᠲᠠ ᠥᠷᠨᠢᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠠᠢ ᠵᠣᠬᠢᠶᠠᠨ ᠪᠠᠶᠢᠭᠤᠯᠵᠤ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠠᠯ᠎ᠠ ᠪᠠᠷ᠂ ᠨᠢᠭᠡᠳᠦᠯᠲᠡᠢ ᠵᠢᠯᠤᠭᠤᠳᠬᠤ᠂ ᠣᠯᠠᠨ ᠠᠩᠭᠢ ᠬᠠᠮᠲᠤᠷᠠᠨ ᠬᠥᠳᠡᠯᠦᠯᠴᠡᠬᠦ ᠰᠢᠰᠲ᠋ᠧᠮ ᠢ ᠪᠠᠶᠢᠭᠤᠯᠵᠤ᠂ ᠭᠦᠢᠴᠡᠳ ᠲᠣᠨᠤᠭ ᠲᠥᠬᠦᠭᠡᠷᠦᠮᠵᠢ ᠲᠣᠬᠢᠷᠠᠭᠤᠯᠤᠨ ᠂ ᠤᠷᠢᠳᠴᠢᠯᠠᠨ ᠰᠡᠷᠭᠡᠶᠢᠯᠡᠬᠦ ᠬᠢᠨᠠᠨ ᠬᠡᠮᠵᠢᠬᠦ ᠰᠢᠰᠲ᠋ᠧᠮ ᠤᠨ ᠲᠠᠯ᠎ᠠ ᠪᠠᠷ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠨᠠᠨ ᠬᠡᠮᠵᠢᠬᠦ ᠴᠡᠭ ᠭᠠᠷᠭᠠᠵᠤ᠂ 24 ᠴᠠᠭ  ᠲᠤ ᠬᠢᠨᠠᠨ ᠬᠡᠮᠵᠢᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠪᠣᠯᠣᠨ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠭᠠᠯ ᠤᠨ ᠪᠠᠶᠢᠳᠠᠯ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠳᠠᠷᠤᠢ ᠲᠦᠷᠭᠡᠨ ᠵᠣᠬᠢᠶᠠᠨ ᠪᠠᠶᠢᠭᠤᠯᠵᠤ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ︽ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠭᠠᠯ ᠰᠡᠷᠭᠡᠶᠢᠯᠡᠬᠦ ᠨᠡᠶᠢᠯᠡᠮᠡᠯ ᠬᠦᠴᠦᠨ ᠢ ᠪᠦᠷᠢᠯᠳᠦᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠬᠦ ᠪᠣᠶ︖︾ ︽ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠪᠣᠷᠠᠯᠲᠠ ᠶᠢᠨ ᠲᠠᠯ᠎ᠠ ᠪᠠᠷ ᠠᠵᠢᠯ ᠤᠨ ᠪᠠᠶᠢᠷᠢᠯᠠᠭᠤᠯᠤᠯᠲᠠ ᠶᠠᠮᠠᠷ ᠪᠤᠢ︖︾ ᠵᠡᠷᠭᠡ ᠰᠤᠷᠪᠤᠯᠵᠢᠯᠠᠭᠴᠢ ᠶᠢᠨ  ᠠᠰᠠᠭᠤᠯᠲᠠ ᠳᠤ ᠬᠠᠷᠢᠭᠤᠯᠲᠠ ᠥᠭᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠳᠦᠰᠦᠯᠡᠨ᠂ ᠣᠶ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠴᠠᠭ ᠠᠭᠤᠷ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠬᠤᠷᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠵᠦ᠂ ᠤᠷᠢᠳᠴᠢᠯᠠᠨ ᠰᠡᠷᠡᠮᠵᠢᠯᠡᠭᠦᠯᠬᠦ ᠶᠢ ᠪᠠᠲᠤᠯᠠᠨ᠎ᠠ᠃ ᠡᠭᠦᠨ ᠤ ᠬᠠᠮᠲᠤ᠂ ᠡᠯ᠎ᠡ ᠰᠤᠮᠤ ᠪᠠᠯᠭᠠᠰᠤ ᠬᠢᠭᠡᠳ ᠬᠠᠮᠠᠭᠠᠯᠠᠯᠲᠠ ᠶᠢᠨ ᠣᠷᠣᠨ ᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠦᠷ᠎ᠡ ᠳ᠋ᠦᠩ ᠢ ᠵᠠᠷᠯᠠᠨ ᠮᠡᠳᠡᠭᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠭᠠᠯ ᠰᠡᠷᠭᠡᠶᠢᠯᠡᠬᠦ ᠠᠵᠢᠯ ᠢ ᠣᠨ ᠤ ᠬᠢᠨᠠᠨ ᠰᠢᠯᠭᠠᠯᠲᠠ ᠳᠤ ᠣᠷᠣᠭᠤᠯᠤᠨ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃  ᠭᠠᠯ ᠤᠨ ᠠᠶᠤᠯ ᠤᠨ ᠠᠪᠣᠷᠠᠯᠲᠠ ᠶᠢᠨ ᠲᠠᠯ᠎ᠠ ᠪᠠᠷ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠨᠢ ᠲᠤᠰᠬᠠᠢ ᠠᠩᠭᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠬᠤ᠂ ᠲᠡᠷᠢᠭᠦᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ᠂ ᠪᠣᠳᠠᠲᠤ ᠰᠣᠷᠢᠯᠲᠠ ᠶᠢ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨ ᠠᠶᠤᠯ ᠤᠨ ᠠᠪᠤᠷᠠᠨ ᠳᠣᠰᠠᠯᠠᠯᠲᠠ ᠶᠢᠨ ᠦᠨᠳᠦᠷ ᠦᠷ᠎ᠡ ᠪᠦᠲᠦᠮᠵᠢ ᠶᠢ ᠪᠠᠲᠤᠯᠠᠵᠤ᠂ ᠭᠤᠷᠪᠠᠨ ᠳᠡᠰ ᠤᠨ ᠬᠠᠷᠢᠶ᠎ᠠ ᠣᠷᠣᠨ ᠢ ᠪᠦᠷᠬᠦᠭᠰᠡᠨ ᠥᠨᠳᠥᠷ ᠪᠦᠲᠦᠮᠵᠢᠲᠡᠶ ᠭᠠᠯ ᠤᠨᠲᠠᠷᠠᠭᠠᠬᠤ ᠰᠢᠰᠲ᠋ᠧᠮᠵᠢ ᠶᠢ ᠪᠠᠶᠢᠭᠤᠯᠵᠤ᠂ ᠭᠠᠯ ᠤᠨ ᠠᠶᠤᠯ ᠡᠭᠦᠰᠬᠦ ᠦᠶ᠎ᠡ ᠳᠤ᠂ ᠦᠳᠲᠡᠷ ᠲᠦᠷᠭᠡᠨ ᠬᠥᠳᠡᠯᠦᠯᠴᠡᠵᠦ ᠠᠪᠤᠷᠠᠨ ᠲᠤᠰᠠᠯᠠᠬᠤ ᠶᠢ ᠪᠠᠲᠤᠯᠠᠬᠤ ᠪᠤᠯᠤᠨ᠎ᠠ᠃      ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ  ᠤᠨ ᠭᠠᠯ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠨᠢ ᠬᠠᠪᠤᠷ ᠤᠨ ᠣᠯᠠᠷᠢᠯ ᠤᠨ ᠭᠠᠯ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠨᠢᠭᠡᠴᠡ ᠶᠢᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠥᠷᠨᠢᠭᠦᠯᠬᠦ ᠳᠤ ᠬᠢᠨᠠᠯᠲᠠ ᠲᠠᠯᠪᠢᠵᠤ᠂ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠬᠢᠯᠢ ᠪᠠᠷ ᠥᠩᠭᠡᠷᠡᠬᠦ ᠲᠡᠷᠭᠡ ᠮᠠᠰᠢᠨ᠂ ᠭᠠᠳᠠᠷ ᠣᠷᠣᠨ ᠤ ᠨᠡᠭᠦᠳᠡᠯ ᠬᠥᠮᠥᠨ ᠠᠮᠠ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ ᠪᠥᠬᠦ ᠬᠤᠰᠢᠭᠤᠨ ᠤ ᠣᠯᠠᠨ ᠲᠥᠮᠡᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠨᠢᠭᠡᠳᠦᠭᠡᠷ ᠹᠷᠣᠨᠲ ᠤᠨ ᠲᠣᠭᠤᠷᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠳᠦᠷᠢᠮ ᠢ ᠪᠦᠷᠢᠨᠰᠢᠭᠦᠯᠦᠨ ᠰᠢᠯᠢᠳᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠢ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠥᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠪᠥᠬᠦ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号