4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ | ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠃ | ᠪᠠᠷᠠᠭᠤᠨ ᠦᠵᠦᠮᠦᠴᠢᠨ ᠬᠤᠰᠢᠭᠤᠨ ᠤ ᠬᠤᠪᠢ ᠶᠢᠨ ᠵᠠᠭᠤᠴᠢᠯᠠᠭᠤᠷ ᠤᠨ ᠠᠵᠢᠯᠲᠠᠨ᠂ ᠥᠪᠥᠷ ᠮᠣᠩᠭᠤᠯ ᠤᠨ | ᠤᠶᠠᠩᠭ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠤᠶᠠᠩᠭ᠎ᠠ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠢᠶᠠᠷ ᠡᠩᠭᠡᠷ ᠢᠶᠠᠨ | ᠮᠢᠯᠢᠶᠠᠯᠭᠠᠯ᠎ᠠ᠃ | | | | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠦ ᠶᠢᠨ ᠭᠤᠣᠯ ᠪᠠᠯᠭᠠᠰᠤᠨ ᠤ ᠠᠯᠳ᠋ᠬᠠᠤᠳᠤ ᠭᠠᠴᠠᠭ᠎ᠠ ᠪᠠᠷ | ᠨᠤᠳᠤᠭᠲᠠᠢ ᠤᠶᠠᠩᠭ᠎ᠠ 2017 ᠤᠨ ᠳᠤ ᠶᠡᠭᠡ ᠰᠤᠷᠭᠠᠭᠤᠯᠢ ᠪᠠᠨ ᠲᠡᠭᠦᠰᠴᠦ ᠨᠤᠳᠤᠭ ᠲᠠᠭᠠᠨ ᠪᠤᠴᠠᠵᠦ ᠦᠢᠯᠡᠰ | ᠪᠤᠰᠬᠠᠵᠠᠢ᠃ 2018 ᠤᠨ ᠤ1 ᠰᠠᠷ᠎ᠠ ᠠᠴᠠ ᠡᠬᠢᠯᠡᠨ ︽ᠦᠨᠦᠳᠦᠷ ᠤᠨ ᠲᠡᠷᠢᠭᠦᠨ ᠵᠤᠷᠪᠤᠰ︾ ᠲᠠᠪᠴᠠᠩ ᠳᠤ | ︽ᠲᠠᠯ᠎ᠠ ᠨᠤᠳᠤᠭ ᠤᠨ ᠰᠠᠭᠤᠭᠳᠠᠯ᠂ ᠰᠢᠯᠢ ᠶᠢᠨ ᠭᠤᠤᠯ︾ ᠰᠦᠯᠵᠢᠶᠡᠨ ᠤ ᠨᠡᠪᠲᠡᠷᠡᠭᠦᠯᠭᠡ ᠪᠠᠨ ᠲᠠᠩᠰᠠᠯᠠᠭᠤᠯᠵᠦ᠂ | ᠦᠪᠡᠷ ᠤᠨ ᠢᠶᠠᠨ ᠡᠩ ᠤᠨ ᠠᠮᠢᠳᠤᠷᠠᠯ ᠢᠶᠠᠨ ᠰᠡᠭᠦᠲᠡᠷᠯᠡᠨ ᠲᠡᠮᠳᠡᠭᠯᠡᠵᠦ᠂ ᠲᠠᠯ᠎ᠠ ᠨᠤᠳᠤᠭ ᠤᠨ ᠦᠡᠭᠭᠡ ᠦᠵᠡᠮᠵᠢ᠂ | ᠬᠦᠮᠦᠨ ᠵᠤᠨ᠂ ᠰᠤᠶᠤᠯ ᠠᠷᠠᠨᠰᠢᠨ ᠢ ᠬᠦᠮᠦᠰ ᠲᠤ ᠤᠬᠠᠭᠤᠯᠥᠨ ᠰᠤᠷᠳᠠᠯᠴᠢᠯᠠᠵᠦ ᠡᠬᠢᠯᠡᠵᠠᠢ᠃ ᠲᠤᠯᠤᠭᠠᠨ ᠵᠢᠯ | ᠤᠨ ᠲᠤᠷᠰᠢ᠂ ᠤᠶᠠᠩᠭ᠎ᠠ ᠦᠪᠡᠷ ᠤᠨ ᠴᠢᠷᠮᠠᠶᠢᠯᠠᠭ᠎ᠠ ᠪᠠᠷ ᠢᠶᠠᠨ ᠡᠭᠡᠯ ᠵᠢᠷ ᠤᠨ ᠤᠶᠤᠳᠠᠨ ᠦᠬᠢᠨ ᠠᠴᠠ ᠤᠯᠠᠨ | ᠳᠤ ᠲᠠᠨᠢᠭᠳᠠᠭᠰᠠᠨ ︽ᠤᠳᠤ︾ ᠪᠤᠯᠵᠦ᠂ ᠤᠳᠤᠬᠠᠨ ᠪᠤᠯᠬᠤ ᠳᠤ ᠤᠬᠤᠷ ᠰᠢᠩᠭᠡᠭᠡᠯᠳᠡ ᠪᠠᠨ ᠨᠡᠶᠢᠲᠡ 2000 | ᠭᠠᠷᠣᠢ ᠨᠡᠪᠲᠡᠷᠡᠭᠦᠯᠵᠦ᠂ ᠡᠳᠡᠭᠡᠷ ᠪᠢᠴᠢᠯᠭᠡ ᠨᠢ 5 ᠳ᠋ᠦᠩᠰᠢᠭᠤᠷ ᠲᠠᠷᠤᠮ ᠤᠨ ᠲᠤᠭ᠎ᠠ ᠶᠢ ᠲᠠᠪᠠᠨ᠂ 200 | ᠲᠦᠮᠡᠨ ᠬᠦᠷᠢᠶᠡᠯᠡᠭᠴᠢ ᠲᠠᠢ ᠪᠤᠯᠵᠦ᠂ ᠲᠠᠯ᠎ᠠ ᠨᠤᠲᠤᠭ ᠤᠨ ᠰᠣᠶᠣᠯ ᠢ ᠤᠯᠤᠰ ᠲᠠᠶᠠᠭᠠᠷ ᠲᠤ ᠲᠠᠨᠢᠭᠤᠯᠥᠠᠠᠰᠠᠨ ᠪᠠᠷ | ᠪᠠᠷᠠᠬᠤ ᠦᠭᠡᠢ ᠨᠤᠲᠤᠭ ᠤᠰᠤᠨ ᠤ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠪᠣᠯᠣᠨ ᠮᠠᠯᠴᠢᠳ ᠤᠨ ᠠᠵᠢᠯ | ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠨ᠂ ᠨᠡᠩ ᠴᠢᠨᠠᠭᠰᠢᠯᠠᠪᠠᠯ ᠥᠪᠥᠷ ᠮᠣᠩᠭᠤᠯ ᠣᠷᠣᠨ ᠤ | ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠠᠶᠢᠴᠢᠯᠠᠵᠦ᠂ ᠦᠪᠦᠷ ᠮᠤᠩᠭᠤᠯ ᠤᠷᠤᠨ ᠤ ᠭᠡᠪᠴᠢᠶᠡᠨ ᠳᠤ | ᠰᠦᠯᠵᠢᠶᠡᠨ ᠰᠢᠭᠤᠳ ᠨᠡᠪᠲᠡᠷᠡᠭᠦᠯᠭᠡ ᠪᠠᠷ ᠲᠠᠮᠵᠢᠭᠤᠯᠥᠨ ᠨᠡᠶᠢᠳᠡ 2000 ᠲᠦᠮᠡᠨ ᠲᠥᠭᠦᠷᠢᠭ ᠤᠨ ᠣᠷᠣᠨ | ᠨᠤᠲᠤᠭ ᠤᠨ ᠣᠨᠴᠠ ᠭᠠᠷᠤᠯᠲᠠ ᠶᠢ ᠬᠠᠪᠰᠤᠷᠤᠨ ᠪᠣᠷᠤᠯᠠᠭᠤᠯᠵᠠᠢ᠃ | | | | 2023 ᠣᠨ ᠳᠤ᠂ ᠤᠶᠠᠩᠭ᠎ᠠ ᠪᠥᠬᠦ ᠠᠶᠢᠮᠠᠭ ᠤᠨ ᠠᠩᠬᠠᠳᠠᠭᠴᠢ ᠪᠦᠬᠦᠯᠢ ᠰᠢᠷᠠᠭᠰᠠᠨ ᠬᠤᠨᠢᠨ ᠤ | ᠢᠳᠡᠭᠡᠨ ᠤᠮᠳᠠᠭᠠᠨ ᠤ ᠨᠠᠷᠠᠲᠤ ᠲᠡᠮᠳᠡᠭᠲᠦ ᠶᠢ ᠡᠭᠦᠳᠴᠦ᠂᠂ ᠵᠢᠯ ᠳᠤ 3000 ᠭᠠᠷᠤᠢ ᠪᠦᠬᠦᠯᠢ ᠬᠤᠨᠢ ᠶᠢ | ᠪᠤᠷᠤᠯᠠᠭᠤᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ᠃ ᠲᠡᠭᠦᠨ ᠤ ᠲᠤᠷᠰᠢᠯᠭ᠎ᠠ ᠨᠢ | ᠥᠷᠭᠡᠨ ᠢᠶᠠᠷ ᠮᠡᠳᠡᠷᠡᠭᠳᠡᠵᠦ᠂ ᠲᠡᠷᠡ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠤᠷᠢᠯᠭ᠎ᠠ ᠪᠠᠷ | ᠬᠥᠬᠡᠨᠠᠭᠤᠷ ᠵᠡᠷᠭᠡ ᠤᠯᠠᠨ ᠭᠠᠵᠠᠷ ᠲᠤ ᠬᠢᠴᠢᠶᠡᠯ ᠣᠷᠣᠬᠤ ᠶᠢᠨ ᠬᠠᠮᠲᠤ ᠤᠷᠢᠳ ᠬᠤᠵᠢᠳ ᠪᠦᠬᠦ ᠤᠯᠤᠰ ᠤᠨ | ᠵᠠᠯᠠᠭᠤᠴᠤᠳ ᠤᠨ ᠬᠤᠯᠪᠣᠭ᠎ᠠ ᠶᠢᠨ ︽ᠠᠷᠠᠳ ᠤᠨ ᠬᠡᠷᠡᠭᠯᠡᠭᠡᠨ ᠤ ᠪᠦᠲᠦᠭᠡᠭᠳᠡᠬᠦᠨ ᠢ ᠲᠠᠨᠢᠯᠴᠠᠭᠤᠯᠥᠠᠠᠴᠢ︾᠂ | ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ ︽ᠥᠪᠥᠷ ᠮᠣᠩᠭᠤᠯ ᠤᠨ ᠰᠠᠶᠢᠨ ᠡᠳ᠋ ᠢ ᠲᠠᠨᠢᠯᠴᠠᠭᠤᠯᠥᠠᠠᠴᠢ︾᠂ | ︽ᠤᠮᠠᠷᠠᠲᠤ ᠶᠢᠨ ᠰᠠᠶᠢᠨ ᠰᠦᠯᠵᠢᠶᠡᠨ ᠤᠳᠤ︾᠂ ︽ᠰᠢᠨ᠎ᠡ ᠴᠠᠭ ᠦᠶ᠎ᠡ ᠶᠢᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠡᠮᠡᠭᠲᠡᠢ︾ ᠵᠡᠷᠭᠡ ᠢᠷᠠᠭᠤ ᠠᠯᠳᠠᠷ ᠢ ᠬᠦᠷᠳᠡᠪᠡ᠂ ᠲᠡᠭᠦᠨ ᠤ ᠦᠯᠢᠭᠡᠷ ᠨᠢ ᠪᠠᠰᠠ ᠪᠦᠬᠦ ᠤᠯᠤᠰ ᠤᠨ | ᠡᠮᠡᠭᠲᠡᠶᠢᠴᠦᠳ ᠤᠨ ᠬᠤᠯᠪᠣᠭ᠎ᠠ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ︽ᠵᠠᠭᠤᠨ | ᠡᠮᠡᠭᠲᠡᠢ ᠰᠠᠶᠢᠨ ᠰᠦᠯᠵᠢᠶᠡᠨ ᠤ ᠤᠳᠤ ᠶᠢᠨ ᠦᠯᠢᠭᠡᠷ︾ ᠲᠤ ᠰᠣᠩᠭᠤᠭᠳᠠᠵᠠᠢ᠃ 2020 ᠣᠨ ᠳᠤ ᠪᠦᠬᠦ | ᠤᠯᠤᠰ ᠤᠨ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠵᠡᠷᠭᠡ ᠤᠯᠤᠰ᠂ ᠤᠷᠤᠨ᠂ ᠠᠶᠢᠮᠠᠭ᠂ | ᠬᠤᠰᠢᠭᠤ ᠵᠡᠷᠭᠡ ᠡᠯ᠎ᠡ ᠱᠠᠳᠤᠨ ᠤ ᠢᠷᠠᠭᠤ ᠠᠯᠲᠠᠷ ᠢ ᠬᠦᠷᠳᠡᠪᠡ᠃ | 2024 ᠣᠨ ᠳᠤ᠂ ᠤᠶᠠᠩᠭ᠎ᠠ ︽ᠥᠪᠥᠷ ᠮᠣᠩᠭᠤᠯ ᠤᠨ ᠲᠠᠷᠢᠶᠠᠯᠠᠩ ᠤᠨ ᠪᠦᠳᠦᠭᠡᠭᠳᠡᠭᠦᠨ ᠤ | ᠲᠠᠨᠢᠯᠴᠠᠭᠤᠯᠥᠠᠠᠴᠢ︾ ᠪᠤᠯᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠠᠯᠳᠠᠷᠰᠢᠯ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠭᠰᠡᠨ ᠪᠠᠶᠢᠨ᠎ᠠ᠃ | ᠤᠶᠠᠩᠭ᠎ᠠ ᠰᠢᠯᠢ ᠶᠢᠨ ᠭᠤᠣᠯ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠤᠯᠥᠠᠠᠰᠠᠨ ᠤ ᠬᠤᠪᠢ | ᠳᠤ ᠮᠠᠯᠵᠢᠬᠤ ᠣᠷᠣᠨ ᠳᠤ ᠭᠦᠨᠵᠡᠭᠡᠶᠢᠷᠡᠵᠦ᠂ ᠮᠠᠯᠴᠢᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ︽ᠢᠨᠲ᠋ᠧᠷ | ᠰᠦᠯᠵᠢᠶ᠎ᠡ ᠪᠣᠯᠣᠨ ᠮᠠᠯ ᠠᠵᠤ ᠠᠬᠤᠢ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠠᠬᠢᠭᠤᠯᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠵᠡᠷᠭᠡ ᠰᠠᠨᠠᠯ ᠳᠤᠷᠠᠳᠤᠯᠭ᠎ᠠ ᠶᠢ ᠳᠡᠪᠰᠢᠭᠦᠯᠵᠦ | ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠭᠦᠨᠵᠡᠭᠡᠢ ᠠᠭᠤᠰᠤᠯᠴᠠᠭᠤᠯᠵᠠᠢ᠃ | |