ᠪᠠᠷᠠᠭᠤᠨ ᠦᠵᠦᠮᠦᠴᠢᠨ ᠬᠤᠰᠢᠭᠤᠨ ᠤ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢᠨ ᠤ ᠰᠢᠨ᠎ᠡ ᠡᠭᠦᠯᠳᠡᠷ ᠤᠨ ᠰᠢᠰᠲ᠋ᠧᠮ  ᠢ ᠪᠤᠶᠢᠵᠢᠭᠤᠯᠬᠤ ᠠᠵᠢᠯ ᠢᠯᠡᠳᠳᠡ ᠦᠷ᠎ᠡ ᠪᠦᠳᠦᠮᠵᠢ ᠤᠯᠪᠠ
ᠨᠡᠶᠢᠲᠡᠯᠡᠭᠰᠡᠨ ᠴᠠᠭ᠄
2025/4/30
   4 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢᠨ ︵ᠰᠦᠨᠢᠳ ᠬᠤᠨᠢ︶ ᠤ ᠰᠢᠨ᠎ᠡ ᠡᠭᠦᠯᠳᠡᠷ ᠤᠨ ᠰᠢᠰᠲ᠋ᠧᠮ ᠢ ᠪᠤᠶᠢᠵᠢᠭᠤᠯᠬᠤ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠪᠳᠤᠯᠤᠯᠳᠠ ᠶᠢᠨ ᠴᠡᠭ︶ ᠠᠵᠢᠯ ᠤᠨ ᠠᠬᠤᠢ ᠲᠠᠯᠠᠪᠠᠶ ᠶᠢᠨ ᠬᠤᠷᠠᠯ ᠪᠠᠷᠠᠭᠤᠨ ᠦᠵᠦᠮᠦᠴᠢᠨ ᠬᠤᠰᠢᠭᠤᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠮᠢᠳᠠᠨ ᠤ ᠦᠷᠡᠵᠢᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠵᠢᠢ ᠬᠦᠶ ᠯᠢ᠂ ᠳᠡᠳ᠋ ᠬᠤᠰᠢᠭᠤ ᠳᠠᠷᠤᠭ᠎ᠠ ᠷᠧᠨ ᠳ᠋ᠧ ᠰᠢᠨ ᠵᠡᠷᠭᠡ ᠤᠳᠤᠷᠢᠳᠤᠯᠭ᠎ᠠ ᠪᠤᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠳᠡᠨ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ᠂ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃     ᠬᠤᠷᠠᠯ ᠳᠤ ᠤᠷᠤᠯᠴᠠᠭᠰᠠᠳ ᠨᠢ ᠪᠠᠷᠠᠭᠤᠨ ᠦᠵᠦᠮᠦᠴᠢᠨ ᠬᠤᠰᠢᠭᠤᠨ ᠤ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢ ᠪᠤᠶᠢᠵᠢᠭᠤᠯᠬᠤ ᠰᠠᠭᠤᠷᠢᠨ ᠭᠠᠵᠠᠷ ᠲᠤ ᠲᠤᠭᠤᠷᠢᠨ ᠦᠵᠡᠬᠦ ᠶᠢᠨ ᠬᠠᠮᠳᠤ᠂ ᠰᠠᠭᠤᠳᠠᠯ ᠤᠨ ᠬᠤᠷᠠᠯ ᠬᠢᠵᠦ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢ ︵ᠰᠦᠨᠢᠳ ᠬᠤᠨᠢ ︶ ᠪᠤᠶᠢᠵᠢᠭᠤᠯᠬᠤ ᠠᠵᠢᠯ ᠤᠨ ᠤᠯᠤᠯᠳᠠ ᠲᠤᠷᠰᠢᠯᠭ᠎ᠠ ᠪᠠᠨ ᠰᠤᠯᠢᠯᠴᠠᠵᠦ᠂ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢᠨ ︵ᠰᠦᠨᠢᠳ ᠬᠤᠨᠢ︶ ᠤ ᠰᠢᠨ᠎ᠡ ᠡᠭᠦᠯᠳᠡᠷ ᠤᠨ ᠰᠢᠰᠲ᠋ᠧᠮ ᠤᠨ ᠮᠡᠷᠭᠡᠵᠢᠯ ᠤᠨ ᠲᠠᠯ᠎ᠠ ᠪᠠᠷ ᠲᠤᠰᠬᠠᠢ ᠮᠡᠷᠭᠡᠵᠢᠯᠳᠡᠨ ᠤ ᠲᠠᠨᠢᠯᠴᠠᠭᠤᠯᠭ᠎ᠠ ᠶᠢ ᠰᠤᠨᠤᠰᠪᠠ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠤᠳᠤᠯᠤᠭᠠᠴᠢ ᠲᠦᠩ ᠯᠢᠨ—— ᠪᠢᠳᠡ ᠮᠣᠯᠧᠺᠦ᠋ᠯ ᠤᠨ ᠠᠮᠢᠳᠤ ᠪᠣᠳᠠᠰ ᠤᠨ ᠤᠬᠠᠭᠠᠨ ᠤ ᠤᠳᠤᠬᠢᠴᠢᠯᠠᠭᠰᠠᠨ ᠮᠡᠷᠭᠡᠵᠢᠯ ᠢᠶᠠᠷ ᠦᠵᠦᠮᠦᠴᠢᠨ ᠬᠤᠨᠢᠨ ᠤ ᠢᠬᠢᠷᠯᠡᠬᠦ ᠭᠧᠨ ᠢ ᠰᠤᠳᠤᠯᠤᠨ ᠠᠪᠴᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠳᠤ ᠭᠧᠨ ᠤ ᠰᠢᠯᠭᠠᠨ ᠪᠠᠶᠢᠴᠠᠭᠠᠯᠲᠠ ᠬᠢᠭᠰᠡᠨ ᠮᠥᠷᠲᠡᠭᠡᠨ ᠢᠬᠢᠷᠯᠡᠬᠦ ᠭᠧᠨ ᠰᠠᠭᠤᠯᠭᠠᠭᠰᠠᠨ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠢ ᠪᠠᠶᠢᠭᠤᠯᠵᠤ ᠠᠯᠬᠤᠮ ᠠᠯᠬᠤᠮ ᠢᠶᠠᠷ ᠦᠷᠭᠡᠳᠬᠡᠨ ᠲᠦᠭᠡᠮᠡᠯᠵᠢᠭᠦᠯᠵᠦ ᠪᠠᠶᠢᠨ᠎ᠠ᠃ ᠲᠤᠭ᠎ᠠ ᠪᠠᠷᠢᠮᠳᠠ ᠠᠴᠠ ᠦᠵᠡᠪᠡᠯ᠂ ᠡᠨᠡ ᠨᠢ ᠪᠦᠬᠦ ᠠᠶᠢᠮᠠᠭ᠂ ᠲᠡᠭᠦᠨᠴᠢᠯᠡᠨ ᠲᠧᠭᠨᠢᠭ ᠮᠡᠷᠭᠡᠵᠢᠯ ᠢ ᠬᠡᠷᠡᠭᠵᠢᠭᠦᠯᠦᠨ ᠲᠡᠯᠭᠡᠷᠡᠭᠦᠯᠦᠭᠰᠡᠨ ᠲᠠᠯ᠎ᠠ ᠪᠠᠷ ᠪᠦᠬᠦ ᠤᠯᠤᠰ ᠲᠤ ᠴᠤ ᠲᠦᠷᠦᠭᠦᠯᠡᠬᠦ ᠬᠢᠷᠢ ᠬᠡᠮᠵᠢᠶᠡᠨ ᠳᠤ ᠬᠦᠷᠴᠡᠢ᠃      ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠬᠦᠳᠡᠷᠨᠠᠴᠢᠨ——ᠣᠶᠢᠷ᠎ᠠ ᠶᠢᠨ ᠵᠢᠯ ᠳᠤ ᠮᠠᠨ ᠤ ᠬᠤᠰᠢᠭᠤ ᠨᠢ ᠲᠠᠯ᠎ᠠ ᠨᠤᠲᠤᠭ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠤᠨ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ︽ᠮᠠᠩᠯᠠᠶᠢᠯᠠᠭᠤᠯᠬᠤ︾ ᠵᠡᠷᠭᠡ ᠲᠦᠷᠦᠯ ᠵᠦᠢᠯ ᠢᠶᠠᠷ ᠲᠠᠮᠵᠢᠭᠤᠯᠤᠨ ᠦᠷᠡᠵᠢᠯ ᠰᠠᠶᠢᠵᠢᠷᠠᠭᠤᠯᠤᠭᠰᠠᠨ ︵ᠢᠬᠢᠷᠡᠯᠡᠬᠦᠯᠬᠦ︶ ᠦᠵᠦᠮᠦᠴᠢᠨ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠠᠵᠢᠯ ᠢ ᠡᠮᠬᠢ ᠵᠢᠷᠤᠮ ᠲᠠᠢ ᠶᠠᠪᠤᠠᠠᠳᠠᠭᠤᠯᠵᠤ ᠢᠷᠡᠵᠡᠢ᠃ ᠣᠳᠣᠬᠠᠨ ᠮᠠᠨ ᠤ ᠬᠤᠰᠢᠭᠤᠨ ᠳᠤ ᠬᠦᠪᠦᠷᠡᠯ ᠰᠢᠯᠵᠢᠭᠦᠯᠦᠭᠰᠡᠨ ᠭᠧᠨ ᠲᠠᠢ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ 388 ᠪᠠᠶᠢᠵᠤ᠂ ᠢᠬᠢᠷᠯᠡᠬᠦ ᠨᠣᠷᠮ᠎ᠠ 52.4% ᠳᠤ ᠬᠦᠷᠴᠦ ᠱᠠᠳᠤᠴᠢ ᠴᠢᠨᠠᠷᠲᠠᠢ ᠦᠷ᠎ᠡ ᠪᠦᠲᠦᠮᠵᠢ ᠶᠢ ᠤᠯᠵᠠᠢ ᠃ ᠲᠠᠷᠠᠭᠠᠴᠢ ᠪᠠᠷ ᠤᠯᠠᠮ ᠨᠢᠭᠡ ᠠᠯᠬᠤᠮ ᠲᠦᠭᠡᠭᠡᠨ ᠳᠡᠯᠭᠡᠷᠡᠭᠦᠯᠬᠦ ᠪᠠᠷ ᠪᠠᠶᠢᠨ᠎ᠠ᠃       ᠪᠠᠷᠠᠭᠤᠨ ᠦᠵᠦᠮᠦᠴᠢᠨ ᠬᠤᠰᠢᠭᠤ ᠨᠢ ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠮᠠᠯ ᠤᠨ ᠨᠦᠭᠡᠴᠡ ᠪᠠᠶᠠᠯᠢᠭ ᠢᠶᠠᠨ ᠭᠦᠢᠴᠡᠳ ᠠᠰᠢᠭᠯᠠᠵᠤ᠂ ᠦᠷᠡᠵᠢᠯ ᠰᠠᠶᠢᠵᠢᠷᠠᠭᠤᠯᠤᠭᠰᠠᠨ ︵ᠢᠬᠢᠷᠯᠡᠬᠦᠯᠬᠦ︶ ᠦᠵᠦᠮᠦᠴᠢᠨ ᠬᠤᠨᠢᠨ ᠤ ᠰᠢᠨ᠎ᠡ ᠡᠭᠦᠯᠳᠡᠷ ᠤᠨ ᠰᠢᠰᠲ᠋ᠧᠮ ᠢ ᠪᠣᠶᠢᠵᠢᠭᠤᠯᠬᠤ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠲᠤ ᠣᠷᠣᠭᠤᠯᠵᠤ᠂ ︽ᠦᠷ᠎ᠡ ᠶᠢᠨ ᠮᠠᠯ ᠤᠨ ᠲᠠᠯᠠᠪᠠᠶ + ᠥᠷᠭᠡᠳᠬᠡᠨ ᠦᠷᠡᠵᠢᠭᠦᠯᠬᠦ ᠲᠠᠯᠠᠪᠠᠶ + ᠭᠤᠤᠯᠳᠠᠯᠭᠠᠳᠤ ᠰᠦᠷᠦᠭ︾ ᠢ ᠨᠢᠭᠡ ᠴᠣᠭᠴᠠᠵᠢᠭᠤᠯᠤᠭᠰᠠᠨ ᠦᠷ᠎ᠡ ᠪᠣᠶᠢᠵᠢᠭᠤᠯᠬᠤ ᠴᠤᠭᠴᠠᠮᠵᠢ ᠪᠠ ︽ᠦᠷ᠎ᠡ ᠶᠢᠨ ᠮᠠᠯ ᠤᠨ ᠲᠠᠯᠠᠪᠠᠶ + ᠥᠷᠭᠡᠳᠬᠡᠨ ᠦᠷᠡᠵᠢᠭᠦᠯᠬᠦ ᠲᠠᠯᠠᠪᠠᠶ + ᠭᠤᠤᠯᠳᠠᠯᠭᠠᠳᠤ ᠰᠦᠷᠦᠭ + ᠲᠡᠵᠢᠭᠡᠨ ᠦᠰᠬᠡᠬᠦ ᠡᠷᠦᠬᠡ︾ ᠶᠢ ᠨᠢᠭᠡ ᠴᠣᠭᠴᠠᠵᠢᠭᠤᠯᠤᠭᠰᠠᠨ ᠦᠷᠡᠵᠢᠭᠦᠯᠦᠨ ᠪᠣᠶᠢᠵᠢᠭᠤᠯᠬᠤ ᠴᠤᠭᠴᠠᠮᠵᠢ ᠶᠢ ᠪᠠᠶᠢᠭᠤᠯᠵᠤ᠂ ᠦᠵᠦᠮᠦᠴᠢᠨ ᠬᠤᠨᠢᠨ ᠤ ᠥᠨᠳᠥᠷ ᠦᠷᠡᠵᠢᠯ ᠤᠨ ᠴᠢᠳᠠᠪᠤᠷᠢ ᠶᠢ ᠰᠤᠳᠤᠯᠤᠨ ᠠᠰᠢᠠᠠᠯᠠᠬᠤ ᠵᠠᠩᠭᠢᠯᠠᠭ᠎ᠠ ᠶᠢᠨ ᠮᠡᠷᠭᠡᠵᠢᠯ ᠤᠨ ᠰᠢᠪᠳᠤᠯᠤᠯᠳᠠ ᠶᠢ ᠬᠦᠢᠴᠡᠳᠬᠡᠨ ᠦᠵᠦᠮᠦᠴᠢᠨ ᠬᠤᠨᠢᠨ ᠤ ᠠᠵᠤ ᠦᠢᠯᠡᠰ ᠤᠨ ᠲᠠᠰ ᠲᠡᠪᠰᠢᠯᠳᠡ ᠶᠢ ᠪᠡᠶᠡᠯᠡᠭᠦᠯᠪᠡ᠃ 2022 ᠣᠨ ᠤ 1 ᠰᠠᠷ᠎ᠠ ᠳᠤ᠂ 430.7 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠠᠯᠲᠠᠢ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠪᠣᠯᠣᠨ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠬᠠᠮᠳᠤᠷᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠪᠠ᠃ 2024 ᠣᠨ ᠪᠤᠯᠬᠤ ᠳᠤ ᠲᠤᠰ ᠰᠠᠭᠤᠷᠢᠨ  ᠨᠢ 324 ᠬᠤᠷᠠᠭ᠎ᠠ ᠲᠤᠰᠴᠤ᠂ ᠡᠭᠦᠨ ᠳᠤ ᠬᠦᠪᠦᠷᠡᠯ ᠰᠠᠭᠤᠯᠭᠠᠵᠦ ᠲᠦᠯᠯᠡᠭᠰᠡᠨ 213 ᠬᠤᠷᠠᠭ᠎ᠠ᠂ ᠬᠦᠪᠦᠷᠡᠯ ᠰᠢᠯᠵᠢᠭᠦᠯᠦᠭᠰᠡᠨ ᠬᠤᠨᠢᠨ ᠤ 111 ᠬᠤᠷᠠᠭ᠎ᠠ ᠪᠠᠶᠢᠵᠤ᠂ 2025 ᠣᠨ ᠳᠤ᠂ ᠭᠠᠷ ᠬᠡᠭᠡᠯᠲᠦᠭᠦᠯᠭᠡ ᠪᠠᠷ ᠬᠦᠪᠦᠷᠡᠯ ᠰᠠᠭᠤᠯᠭᠠᠭᠰᠠᠨ ᠪᠠ ᠬᠦᠪᠦᠷᠡᠯ ᠰᠢᠯᠵᠢᠭᠦᠯᠦᠭᠰᠡᠨ ᠬᠤᠨᠢ ᠨᠡᠶᠢᠲᠡ 402 ︵ᠡᠭᠦᠨ ᠳᠤ ᠰᠦᠩᠭᠡ ᠲᠤᠭᠳᠠᠭᠰᠠᠨ 298᠂  ᠢᠬᠢᠷ᠎ᠡ ᠲᠤᠭᠳᠠᠭᠰᠠᠨ 52 ᠪᠤᠢ︶ ᠲᠥᠯᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号