ᠪᠠᠷᠠᠭᠤᠨ ᠦᠵᠦᠮᠦᠴᠢᠨ ᠬᠤᠰᠢᠭᠤ ᠭᠠᠭᠴᠠᠭᠠᠷᠳᠠᠮᠠᠯ ᠢᠯᠡᠷᠡᠯ ᠲᠠᠢ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠨ᠎ᠡ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 2 ᠤ ᠡᠳᠦᠷ ᠪᠣᠯ ᠠᠷᠪᠠᠨ ᠨᠠᠢᠮᠠᠳᠠᠭᠢ ︽ᠳᠡᠯᠡᠬᠡᠢ ᠶᠢᠨ ᠭᠢᠷᠪᠢ ᠭᠡᠮ ︵ᠭᠠᠭᠴᠠᠭᠠᠷᠳᠠᠬᠤ ᠭᠡᠮ︶ ᠤᠨ ᠡᠳᠦᠷ︾ ᠪᠣᠯᠣᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠲᠤ ︽ᠭᠠᠷ ᠢᠶᠠᠨ ᠬᠤᠯᠪᠣᠯᠴᠠᠨ ᠣᠳᠣᠨ ᠣᠭᠲᠠᠷᠭᠤᠢ ᠶᠢ ᠭᠡᠷᠡᠯᠲᠦᠭᠦᠯᠵᠦ᠂ ᠬᠠᠶᠢᠷ᠎ᠠ ᠪᠠᠷ ᠪᠢᠯᠬᠠᠭᠰᠠᠨ ᠪᠠᠷᠠᠭᠤᠨ ᠦᠵᠦᠮᠦᠴᠢᠨ ᠢ ᠬᠠᠮᠲᠤ ᠪᠠᠷ ᠴᠣᠭᠴᠠᠯᠠᠶ᠎ᠠ︾ ᠭᠡᠰᠡᠨ ᠭᠤᠣᠯ ᠰᠡᠳᠦᠪᠲᠦ ᠭᠠᠭᠴᠠᠭᠠᠷᠳᠠᠮᠠᠯ ᠢᠯᠡᠷᠡᠯ ᠲᠠᠢ ᠬᠡᠦᠬᠡᠳ   ᠢ ᠬᠠᠯᠠᠮᠵᠢᠯᠠᠨ ᠬᠠᠶᠢᠷᠠᠯᠠᠵᠤ ᠬᠠᠨᠳᠢᠪᠯᠠᠬᠤ ᠠᠵᠢᠯᠯᠠᠭ᠎ᠠ ᠶᠢᠨ ᠬᠥᠰᠢᠭᠡ ᠶᠢ ᠰᠡᠬᠦᠵᠡᠢ᠃
        ᠬᠥᠳᠡᠯᠭᠡᠭᠡᠨ ᠤ ᠡᠬᠢᠨ ᠤ ᠬᠤᠭᠤᠴᠠᠭᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠡᠶᠢᠭᠡᠮ ᠲᠣᠭᠤᠷᠢᠭ  ᠤᠨ ᠨᠠᠮ ᠤᠨ ᠵᠣᠬᠢᠶᠠᠨ ᠪᠠᠶᠢᠭᠤᠯᠤᠯᠲᠠ ︽ᠣᠯᠠᠨ ᠲᠦᠮᠡᠨ ᠤ ᠳᠤᠮᠳᠠ ᠠᠴᠠ  ᠢᠷᠡᠵᠦ᠂ ᠣᠯᠠᠨ ᠲᠦᠮᠡᠨ ᠤ ᠳᠤᠮᠳᠠ ᠪᠤᠴᠠᠬᠤ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠯᠴᠠᠭ᠎ᠠ ᠬᠤᠯᠪᠣᠭ᠎ᠠ ᠠᠪᠴᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ ᠨᠢᠭᠡᠴᠡ᠂ ᠪᠠᠷᠠᠭᠤᠨ ᠦᠵᠦᠮᠦᠴᠢᠨ ᠬᠤᠰᠢᠭᠤᠨ ᠤ ᠰᠢᠩ ᠢᠤᠢ ᠬᠡᠦᠬᠡᠳ ᠤᠨ ᠡᠷᠡᠭᠦᠯᠵᠢᠯ ᠤᠨ ᠲᠥᠪ ᠵᠢᠴᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠤᠯᠪᠤᠭᠠᠯᠠᠨ ︽ᠭᠦᠨᠵᠡᠭᠡᠶᠢᠷᠡᠬᠦ ᠮᠠᠶ᠋ᠢᠭ︾ ᠤᠨ ᠪᠠᠶᠢᠴᠠᠭᠠᠨ ᠰᠤᠳᠤᠯᠤᠯᠲᠠ ᠥᠷᠨᠢᠭᠦᠯᠵᠡᠢ᠃ ᠣᠯᠠᠨ ᠢᠶᠠᠷ ᠢᠶᠠᠨ ᠭᠠᠭᠴᠠᠭᠠᠷᠳᠠᠮᠠᠯ ᠢᠯᠡᠷᠡᠯ ᠲᠠᠢ ᠬᠡᠦᠬᠡᠳ ᠤᠨ ᠭᠡᠷ ᠪᠦᠯᠢ᠂ ᠡᠷᠡᠭᠦᠯᠵᠢᠯ ᠤᠨ ᠪᠠᠶᠢᠭᠤᠯᠤᠮᠵᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠭᠡᠷ ᠤᠨ ᠠᠬᠠᠮᠠᠳ ᠪᠣᠯᠣᠨ ᠬᠡᠦᠬᠡᠳ ᠤᠳ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠤᠨ᠂ ᠬᠡᠦᠬᠡᠳ ᠨᠢᠭᠡᠪᠦᠷᠢ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠨ᠂ ᠭᠠᠭᠴᠠᠭᠠᠷᠳᠠᠮᠠᠯ ᠢᠯᠡᠷᠡᠯ ᠲᠠᠢ ᠬᠡᠦᠬᠡᠳ ᠤᠨ ᠭᠡᠷ ᠪᠦᠯᠢ ᠳᠤ ᠬᠠᠶᠢᠷ᠎ᠠ ᠬᠠᠯᠠᠮᠵᠢ ᠪᠠ ᠳᠡᠮᠵᠢᠯᠭᠡ ᠦᠵᠡᠭᠦᠯᠬᠦ ᠪᠠᠷ ᠬᠠᠮᠲᠤ ᠪᠠᠷ ᠠᠷᠭ᠎ᠠ ᠰᠦᠪᠡᠭᠴᠢᠯᠡᠵᠡᠢ᠃
    ᠠᠵᠢᠯᠯᠠᠭ᠎ᠠ ᠶᠢᠨ ᠲᠤᠬᠠᠢ ᠶᠢᠨ ᠡᠳᠦᠷ᠂ ︽ᠨᠢᠯᠬᠠᠰ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ︾ ᠶᠢᠨ ᠬᠠᠨᠳᠢᠪᠯᠠᠬᠤ ᠶᠣᠰᠣᠯᠠᠯ ᠨᠢ ᠠᠬᠤᠢ ᠲᠠᠯᠠᠪᠠᠶ ᠳᠤ ᠰᠠᠭᠠᠲᠠᠭᠰᠠᠨ ᠬᠦᠮᠦᠰ ᠤᠨ ᠠᠩᠬᠠᠷᠤᠯ ᠢ ᠲᠠᠲᠠᠪᠠ᠃ ᠡᠯ᠎ᠡ ᠲᠠᠯ᠎ᠠ ᠶᠢᠨ ᠬᠢᠨ ᠬᠠᠶᠢᠷ᠎ᠠ ᠬᠠᠯᠠᠮᠵᠢ ᠪᠠᠨ ᠬᠠᠷᠠᠮ ᠦᠭᠡᠢ ᠬᠦᠷᠭᠡᠨ᠂ ᠤᠳᠠᠯ ᠦᠭᠡᠢ ᠨᠡᠶᠢᠳᠡ 42500 ᠲᠥᠭᠦᠷᠢᠭ ᠤᠨ ᠥᠷᠲᠡᠭ ᠪᠦᠬᠦᠢ ᠪᠡᠯᠡ ᠮᠥᠩᠭᠦ ᠪᠠ ᠡᠳ᠋ ᠪᠣᠳᠠᠰ   ᠬᠠᠨᠳᠢᠪᠯᠠᠵᠠᠢ᠃ ᠡᠲᠡᠭᠡᠷ ᠬᠠᠨᠳᠢᠪ ᠢ ᠵᠣᠭᠤᠰ ᠮᠥᠩᠭᠦ ᠡᠳ᠋ ᠪᠣᠳᠠᠰ ᠢ ᠵᠢᠭᠠᠨ ᠰᠤᠷᠭᠠᠬᠤ ᠪᠠᠭᠠᠵᠢ ᠬᠡᠷᠡᠭᠰᠡᠯ ᠬᠤᠳᠠᠯᠳᠤᠨ ᠠᠪᠬᠤ᠂ ᠡᠷᠡᠭᠦᠯᠵᠢᠭᠦᠯᠬᠦ ᠪᠣᠯᠪᠠᠰᠤᠷᠠᠯ ᠬᠢᠬᠦ᠂ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠲᠡᠳᠬᠦᠬᠦ ᠵᠢᠴᠢ ᠰᠡᠳᠬᠢᠴᠡ ᠶᠢ ᠬᠥᠲᠥᠯᠥᠨ ᠵᠢᠯᠤᠭᠤᠳᠬᠤ ᠵᠡᠷᠭᠡ ᠵᠠᠩᠭᠢᠯᠠᠭ᠎ᠠ ᠶᠢᠨ ᠦᠢᠯᠡᠴᠢᠯᠡᠭᠡ ᠳᠤ ᠬᠠᠨᠳᠤᠯᠭ᠎ᠠ ᠲᠠᠢ ᠪᠠᠷ ᠬᠡᠷᠡᠭᠯᠡᠵᠦ᠂ ᠭᠠᠭᠴᠠᠭᠠᠷᠳᠠᠮᠠᠯ ᠢᠯᠡᠷᠡᠯ ᠲᠠᠢ 45 ᠬᠡᠦᠬᠡᠳ ᠤᠨ ᠭᠡᠷ ᠪᠦᠯᠢ ᠳᠤ ᠦᠨᠡᠨ ᠬᠦ ᠠᠰᠢᠭ ᠬᠦᠷᠲᠡᠭᠡᠬᠦ ᠪᠣᠯᠣᠨ᠎ᠠ᠃ ᠬᠠᠯᠠᠭᠤᠨ ᠳᠣᠲᠣᠨᠣ ᠬᠠᠷᠢᠯᠴᠠᠭᠠᠨ ᠤ ᠶᠠᠪᠤᠴᠠ ᠳᠤ᠂ ᠠᠵᠢᠯᠲᠠᠳ ᠤᠨ ᠵᠢᠯᠣᠭᠤᠳᠤᠯᠭ᠎ᠠ ᠳᠣᠣᠷ᠎ᠠ᠂ ᠬᠡᠦᠬᠡᠳ ᠤᠳ ᠴᠦ ᠬᠠᠶᠢᠷ᠎ᠠ ᠬᠠᠯᠠᠮᠵᠢ ᠪᠠᠨ ᠬᠦᠷᠭᠡᠭᠰᠡᠨ ᠬᠥᠮᠥᠰ ᠲᠤ ᠭᠤᠶᠢᠳᠠ ᠰᠠᠶᠢᠬᠠᠨ ᠪᠡᠯᠡᠭ ᠪᠡᠯᠡᠳᠬᠡᠵᠦ᠂ ᠬᠢᠴᠢᠶᠡᠮᠵᠢᠲᠡᠶᠢᠬᠡᠨ ᠭᠠᠷᠳᠠᠭᠤᠯᠤᠯ᠎ᠠ᠃ ᠬᠠᠨᠳᠢᠪ ᠡᠷᠭᠦᠭᠴᠢᠳ ᠬᠡᠦᠬᠡᠳ  ᠢ ᠥᠬᠦᠭᠡᠷᠳᠦᠨ ᠲᠡᠪᠡᠷᠢᠵᠤ ᠵᠣᠷᠢᠭᠵᠢᠭᠤᠯᠤᠨ᠂ ᠨᠡᠩ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠢ ᠮᠡᠳᠡᠷᠡᠭᠦᠯᠦᠭᠰᠡᠨ ᠪᠠᠶᠢᠨ᠎ᠠ᠃
       ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠬᠡᠦᠬᠡᠳ ᠤᠨ ᠣᠶᠤᠨ ᠤᠬᠠᠭᠠᠨ ᠤ ᠬᠥᠭᠵᠢᠯᠲᠡ ᠪᠤᠶᠢᠵᠢᠯᠲᠠ ᠶᠢ ᠰᠤᠳᠤᠯᠬᠤ ᠪᠠ ᠳᠡᠯᠭᠡᠷᠡᠭᠦᠯᠬᠦ ᠳᠤ ᠬᠦᠴᠦ ᠲᠠᠯᠪᠢᠵᠤ᠂ ᠪᠦᠬᠦᠯᠢ 14 ᠨᠠᠰᠤᠨ ᠠᠴᠠ ᠳᠣᠷᠣᠭᠰᠢᠬᠢ ᠭᠠᠭᠴᠠᠭᠠᠷᠳᠠᠮᠠᠯ ᠢᠯᠡᠷᠡᠯ ᠲᠠᠢ᠂ ᠦᠭᠡ ᠬᠡᠯᠡᠨ ᠤ ᠰᠠᠭᠠᠲᠠᠯ ᠲᠠᠢ᠂ ᠲᠠᠷᠢᠬᠢᠨ ᠤ ᠳᠡᠮᠪᠡᠷᠡᠯ ᠲᠠᠢ᠂ ᠳ᠋ᠣᠨ ᠤ ᠨᠡᠶᠢᠯᠡᠭ ᠬᠡᠮ  ᠲᠠᠢ᠂ ᠪᠤᠶᠢᠵᠢᠯᠲᠠ ᠤᠳᠠᠭᠠᠨ ᠵᠢᠴᠢ ᠬᠥᠳᠡᠯᠦᠮᠡᠲᠡᠭᠡᠢ ᠬᠡᠮ ᠲᠠᠢ ᠵᠡᠷᠭᠡ ᠣᠯᠠᠨ ᠲᠥᠷᠥᠯ ᠤᠨ ᠰᠠᠭᠠᠲᠠᠯ  ᠲᠠᠢ ᠬᠡᠦᠬᠡᠳ ᠲᠤ ᠦᠭᠡ ᠬᠡᠯᠡᠨ ᠤ ᠰᠡᠩᠬᠡᠷᠡᠭᠦᠯᠦᠯ᠂ ᠦᠢᠯᠡ ᠠᠵᠢᠯᠯᠠᠭ᠎ᠠ ᠶᠢᠨ ᠵᠢᠯᠣᠭᠤᠳᠤᠯᠭ᠎ᠠ᠂  ᠪᠡᠶ᠎ᠡ ᠪᠠᠨ ᠳᠠᠭᠠᠭᠠᠬᠤ ᠤᠷ᠎ᠠ ᠴᠢᠳᠠᠪᠤᠷᠢ  ᠶᠢ ᠬᠦᠮᠦᠵᠢᠭᠦᠯᠬᠦ᠂ ᠨᠡᠶᠢᠭᠡᠮ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠬᠦ ᠵᠡᠷᠭᠡ ᠪᠣᠯᠪᠠᠰᠤᠷᠠᠯ  ᠢ ᠬᠠᠩᠭᠠᠵᠤ  ᠂ ᠬᠡᠦᠬᠡᠳ ᠤᠨ ᠲᠠᠨᠢᠨ ᠮᠡᠳᠡᠷᠡᠬᠦᠢ ᠶᠢᠨ ᠢᠯᠡᠳᠬᠡᠯ᠂ ᠠᠮᠢᠳᠤᠷᠠᠯ ᠢᠶᠠᠨ ᠥᠪᠡᠷ ᠢᠶᠠᠨ ᠠᠷᠭᠠᠴᠠᠬᠤ ᠨᠡᠶᠢᠭᠡᠮ ᠤᠨ ᠬᠠᠷᠢᠯᠴᠠᠭ᠎ᠠ ᠵᠡᠷᠭᠡ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠨᠢᠭᠡᠪᠦᠷᠢ ᠶᠢ ᠨᠡᠶᠢᠭᠡᠮ ᠤᠨ ᠠᠮᠢᠳᠤᠷᠠᠯ ᠳᠤ ᠬᠡᠪ ᠤᠨ ᠪᠠᠶᠢᠳᠠᠯ ᠢᠶᠠᠷ ᠠᠭᠤᠰᠤᠯᠴᠠᠭᠤᠯᠬᠤ ᠪᠠᠷ ᠬᠦᠴᠦᠯᠡᠨ ᠴᠢᠷᠮᠠᠶᠢᠵᠤ ᠢᠷᠡᠵᠡᠢ᠃ ᠨᠡᠩ ᠤᠯᠠᠨ ᠬᠥᠮᠥᠰ ᠭᠠᠭᠴᠠᠭᠠᠷᠳᠠᠮᠠᠯ ᠢᠯᠡᠷᠡᠯ ᠲᠠᠢ ᠬᠡᠦᠬᠡᠳ  ᠤᠳ ᠢ ᠠᠩᠬᠠᠷᠴᠤ᠂ ᠬᠠᠶᠢᠷ᠎ᠠ ᠬᠠᠯᠠᠮᠵᠢ ᠶᠢᠨ ᠬᠦᠴᠦᠷᠬᠡᠭ ᠶᠡᠭᠡ ᠬᠦᠴᠦᠨ ᠴᠢᠳᠠᠯ ᠢᠶᠠᠷ ᠢᠶᠠᠨ ᠲᠡᠳᠡᠨ ᠤ ᠢᠷᠡᠭᠡᠳᠦᠢ ᠶᠢᠨ ᠵᠠᠮ ᠢ ᠭᠡᠷᠡᠯᠲᠦᠭᠦᠯᠬᠦ ᠶᠢ ᠠᠳᠡ ᠬᠦᠰᠡᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号