ᠪᠠᠷᠠᠭᠤᠨ ᠦᠵᠦᠮᠦᠴᠢᠨ ᠬᠤᠰᠢᠭᠤᠨ ᠠᠴᠠ ᠰᠢᠯᠢᠩᠬᠤᠲᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠰᠢᠨᠡᠴᠢᠯᠡᠭᠳᠡᠯ᠎ᠡ
ᠨᠡᠶᠢᠲᠡᠯᠡᠭᠰᠡᠨ ᠴᠠᠭ᠄
2025/4/7
     4 ᠰᠠᠷ᠎ᠠ ᠶᠢᠨ 2 ᠤ ᠡᠳᠦᠷ᠂ ᠰᠣᠷᠪᠣᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠬᠤᠯᠠ ᠵᠠᠮ ᠤᠨ ᠠᠶᠠᠨᠴᠢᠳ ᠤᠨ ᠥᠷᠲᠡᠭᠡᠨ ᠳᠤ ᠬᠦᠷᠬᠦ ᠳᠤ ᠮᠠᠰᠢ ᠬᠥᠷ ᠬᠥᠭᠵᠢᠶᠡᠨ ᠲᠠᠢ ᠪᠠᠶᠢᠯ᠎ᠠ᠃ ᠲᠡᠷᠭᠡᠨ ᠪᠦᠷᠢᠶ᠎ᠡ ᠳᠤᠤᠭᠠᠷᠬᠤ  ᠳᠤ ᠨᠢᠭᠡᠨ ᠴᠣ ᠰᠢᠨ᠎ᠡ ᠨᠡᠶᠢᠲᠡ ᠶᠢᠨ ᠮᠠᠰᠢᠨ ᠲᠡᠷᠭᠡ ᠠᠯᠭᠤᠷᠬᠠᠨ ᠢᠶᠠᠷ ᠬᠥᠳᠡᠯᠵᠦ ᠭᠠᠷᠪᠠ᠃ ︽ᠡᠨᠡ ᠬᠦ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠰᠠᠭᠤᠳᠠᠯ ᠨᠢ ᠠᠭᠤᠵᠢᠮ᠂ ᠰᠠᠭᠤᠬᠤ ᠳᠤ ᠮᠠᠰᠢ ᠲᠠᠭᠠᠲᠠᠢ᠂ ᠭᠠᠳᠠᠭᠰᠢ ᠭᠠᠷᠬᠤ ᠳᠤ ᠮᠠᠰᠢ ᠳᠥᠭᠦᠮ ᠪᠣᠯᠵᠠᠢ︾ ᠭᠡᠵᠤ ᠠᠶᠠᠨᠴᠢᠨ ᠸᠠᠩ ᠠᠨᠢᠶ᠎ᠠ ᠪᠠᠶᠠᠷᠲᠠᠢ ᠪᠠᠶᠢᠯ᠎ᠠ᠃      ᠵᠢᠭᠤᠯᠴᠢᠯᠠᠯ ᠤᠨ ᠬᠥᠭᠵᠢᠶᠡᠨᠲᠦ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠭᠠᠳᠠᠭᠰᠢ ᠭᠠᠷᠬᠤ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠵᠤᠭᠠᠴᠠᠭᠰᠠᠳ ᠤᠨ ᠵᠤᠭᠠᠴᠠᠨ ᠲᠣᠭᠤᠷᠢᠬᠤ ᠪᠠ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠨᠠᠰᠢ ᠴᠠᠰᠢ ᠶᠠᠪᠤᠬᠤ ᠬᠡᠷᠡᠭᠴᠡᠭᠡ ᠶᠢ ᠬᠠᠩᠭᠠᠬᠤ ᠶᠢᠨ ᠬᠠᠮᠲᠤ ᠠᠷᠠᠳ ᠲᠤ ᠲᠦᠭᠦᠮ ᠦᠵᠡᠭᠦᠯᠬᠦ᠂ ᠪᠣᠬᠢᠷᠲᠤᠯ ᠦᠭᠡᠢ ᠠᠶᠠᠯᠠᠯ ᠢ ᠴᠢᠨᠠᠭᠰᠢᠳᠠ ᠠᠬᠢᠭᠤᠯᠬᠤ ᠶᠢᠨ ᠲᠣᠯᠠᠳᠠ᠂ ᠪᠠᠷᠠᠭᠤᠨ ᠦᠵᠦᠮᠦᠴᠢᠨ ᠬᠤᠰᠢᠭᠤᠨ ᠤ ᠵᠠᠮ  ᠲᠡᠭᠡᠭᠡᠪᠦᠷᠢ ᠶᠢᠨ ᠲᠣᠪᠴᠢᠶᠠᠨ ᠠᠴᠠ ᠪᠠᠷᠠᠭᠤᠨ ᠦᠵᠦᠮᠦᠴᠢᠨ ᠬᠤᠰᠢᠭᠤ ︱ ᠰᠢᠯᠢᠩᠬᠤᠲᠠ ᠶᠢᠨ ᠬᠤᠭᠤᠷᠣᠨᠳᠣᠬᠢ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠠᠵᠢᠯ ᠢ ᠥᠷᠨᠢᠭᠦᠯᠵᠡᠢ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠠᠴᠠ ᠰᠢᠯᠢᠩᠬᠤᠲᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠨᠢᠭᠡᠨᠲᠡ ᠲᠠᠰ  ᠳᠡᠪᠰᠢᠭᠦᠯᠵᠦ᠂ ᠴᠣ ᠰᠢᠨ᠎ᠡ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠢᠩᠬᠢᠨᠢ ᠪᠠᠷ ᠠᠰᠢᠭᠯᠠᠯᠲᠠ ᠳᠤ ᠣᠷᠤᠭᠤᠯᠤᠭᠰᠠᠨ ᠪᠠᠶᠢᠨ᠎ᠠ᠃ ᠲᠡᠷᠭᠡᠨ ᠳᠣᠲᠣᠷᠠᠬᠢ ᠰᠠᠭᠤᠳᠠᠯ ᠢ 34 ᠰᠠᠭᠤᠳᠠᠯ ᠠᠴᠠ 48 ᠰᠠᠭᠤᠳᠠᠯ ᠪᠤᠯᠭᠠᠨ ᠨᠡᠮᠡᠭᠳᠡᠭᠦᠯᠵᠦ᠂ ᠠᠭᠤᠵᠢᠮ ᠲᠠᠭᠠᠯᠠᠮᠵᠢᠲᠠᠢ᠂  ᠪᠠᠷᠠᠭ᠎ᠠ ᠠᠴᠢᠬᠤ ᠣᠷᠣᠨ ᠵᠠᠢ ᠶᠢ ᠴᠦ ᠥᠷᠭᠡᠳᠬᠡᠵᠦ᠂ ᠪᠤᠭᠤᠳᠠᠯ ᠪᠠᠭᠯᠠᠭ᠎ᠠ ᠠᠷᠪᠢᠨ ᠠᠴᠠ ᠵᠣᠪᠠᠭ᠋ᠤ ᠬᠡᠷᠡᠭ ᠦᠭᠡᠢ ᠪᠤᠯᠵᠠᠢ᠃ ᠲᠡᠷᠡ ᠮᠥᠷᠲᠡᠭᠡᠨ ᠪᠢᠯᠧᠲ ᠤᠨ ᠦᠨ᠎ᠡ ᠨᠢ ᠵᠥᠪᠬᠡᠨ 30 ᠲᠥᠭᠦᠷᠢᠭ ᠪᠠᠶᠢᠵᠤ᠂ ᠠᠷᠠᠳ ᠲᠤ ᠦᠨᠡᠨᠬᠦ ᠠᠰᠢᠭ ᠬᠦᠷᠲᠡᠭᠡᠭᠰᠡᠨ ᠪᠠᠶᠢᠨ᠎ᠠ᠃     ᠲᠡᠷᠭᠡ ᠬᠥᠳᠡᠯᠬᠦ ᠴᠠᠭ ᠢ ᠨᠡᠩ ᠵᠣᠬᠢᠰᠲᠠᠢ ᠲᠣᠬᠢᠷᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠠᠴᠠ ᠲᠡᠷᠭᠡ ᠬᠥᠳᠡᠯᠬᠦ ᠴᠠᠭ ᠨᠢ 7᠄ 40᠂ 10᠄ 00᠂ 15᠄ 00 ᠪᠠᠶᠢᠵᠤ᠂ ᠪᠠᠰᠠ 17᠄ 10 ᠶᠢᠨ ᠡᠭᠡᠯᠵᠢ ᠶᠢ ᠣᠨᠴᠠᠭᠠᠶᠢᠯᠠᠨ ᠨᠡᠮᠡᠨ ᠲᠣᠬᠢᠷᠠᠭᠤᠯᠤᠭᠰᠠᠨ ᠢᠶᠠᠷ ᠠᠵᠢᠯ ᠳᠤ ᠭᠠᠷᠬᠤ ᠬᠥᠮᠥᠰ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠲᠣᠰ ᠲᠡᠷᠭᠡ ᠨᠢ ᠴᠠᠭ ᠲᠠᠭᠠᠨ ᠬᠦᠷᠬᠦ ᠪᠠᠷ ᠪᠠᠷᠠᠬᠤ ᠦᠭᠡᠢ ᠪᠠᠰᠠ ᠠᠶᠠᠨᠴᠢᠳ ᠢ ᠨᠡᠩ ᠴᠢᠯᠦᠭᠡᠲᠡᠢ ᠠᠶᠠᠯᠠᠭᠤᠯᠵᠤ᠂ ᠥᠷᠭᠡᠨ ᠤᠯᠠᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠪᠦᠲᠦᠮᠵᠢᠲᠡᠢ ᠬᠠᠩᠭᠠᠵᠤ ᠴᠢᠳᠠᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠬᠤᠲᠠ ᠶᠢᠨ ᠬᠤᠭᠤᠷᠣᠨᠳᠣᠬᠢ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠲᠡᠰ ᠳᠡᠪᠰᠢᠭᠦᠯᠬᠦ ᠪᠣᠯ ᠵᠠᠮ ᠬᠠᠷᠢᠯᠴᠠᠭ᠎ᠠ ᠪᠠᠷ ᠠᠷᠠᠳ ᠲᠤ ᠠᠰᠢᠭ ᠬᠦᠷᠲᠡᠭᠡᠬᠦ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠠᠰᠤᠷᠠᠯᠲᠠ ᠦᠭᠡᠢ ᠲᠡᠭᠦᠯᠳᠡᠷᠵᠢᠬᠦ  ᠶᠢ ᠳᠠᠭᠠᠯᠳᠤᠨ᠂ ᠠᠷᠠᠳ ᠣᠯᠠᠨ ᠤ ᠶᠠᠪᠤᠵᠤ ᠰᠠᠭᠤᠬᠤ ᠣᠷᠴᠢᠨ ᠨᠦᠭᠦᠴᠡᠯ ᠨᠢ ᠨᠠᠩ ᠠᠭᠤᠵᠢᠭᠤ ᠲᠠᠯᠪᠢᠭᠤ᠂ ᠲᠠᠭᠠᠯᠠᠮᠵᠢᠲᠠᠢ ᠪᠣᠯᠵᠤ᠂ ᠬᠤᠶᠠᠷ ᠭᠠᠵᠠᠷ ᠤᠨ ᠠᠵᠤ ᠠᠬᠤᠢ ᠶᠢᠨ ᠰᠣᠯᠢᠯᠴᠠᠭ᠎ᠠ᠂ ᠬᠥᠮᠥᠰ ᠤᠨ ᠶᠠᠪᠤᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠢᠷᠡᠭᠡᠳᠦᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ   ᠨᠢ ᠪᠠᠰᠠ ᠵᠠᠮ ᠱᠤᠭᠤᠮ ᠤᠨ ᠡᠵᠡᠩᠨᠡᠯᠲᠡ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠷᠠᠳ ᠣᠯᠠᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠭᠠᠬᠤ ᠪᠠᠷ ᠪᠤᠢ᠃            ᠰᠣᠷᠪᠣᠯᠵᠢᠯᠭ᠎ᠠ ᠪᠠᠷᠠᠭᠤᠨ ᠦᠵᠦᠮᠦᠴᠢᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠠᠯᠪᠠᠨ ᠭᠡᠷ ᠤᠨ ᠡᠷᠬᠢᠯᠡᠭᠴᠢ ᠵᠣᠣ ᠮᠢᠩ ᠬᠤᠶ  ᠄  ︽ᠠᠷᠠᠳ ᠲᠤ ᠲᠥᠬᠦᠮ ᠦᠵᠡᠭᠦᠯᠬᠦ᠂ ᠪᠣᠬᠢᠷᠲᠤᠯ ᠦᠭᠡᠢ ᠠᠶᠠᠯᠠᠯ ᠢ ᠨᠠᠩ ᠰᠠᠶᠢᠨ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ ᠵᠤᠭᠠᠴᠠᠯ ᠤᠨ ᠬᠥᠭᠵᠢᠶᠡᠨᠲᠦ ᠤᠯᠠᠷᠢᠯ ᠤᠨ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠲᠠᠢ ᠣᠶᠠᠯᠳᠣᠭᠤᠯᠣᠨ᠂ ᠪᠠᠷᠠᠭᠤᠨ ᠦᠵᠦᠮᠦᠴᠢᠨ ᠬᠤᠰᠢᠭᠤ ︱ ᠰᠢᠯᠢᠩᠬᠤᠲᠠ ᠶᠢᠨ ᠬᠤᠭᠤᠷᠣᠨᠳᠣᠬᠢ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠬᠦᠯᠵᠤ᠂ ᠠᠶᠠᠨᠴᠢᠳ ᠤᠨ ᠲᠡᠷᠭᠡᠨ ᠳᠤ ᠰᠠᠭᠤᠬᠤ ᠳᠤ ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ 2 ᠲᠣᠮᠣ ᠬᠡᠯᠪᠡᠷᠢ ᠶᠢᠨ ᠬᠡᠭᠡᠨᠴᠢᠷ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠵᠦ᠂ ᠰᠠᠭᠤᠳᠠᠯ ᠢ ᠣᠣᠯ ᠤᠨ 34 ᠪᠠᠶᠢᠭᠰᠠᠨ ᠠᠴᠠ 48 ᠪᠣᠯᠭᠠᠨ ᠨᠡᠮᠡᠭᠳᠡᠭᠦᠯᠵᠦ᠂ ᠮᠠᠰᠢᠨ ᠲᠡᠷᠭᠡᠨ ᠤ ᠰᠠᠭᠤᠷᠢ ᠬᠥᠮᠥᠷᠭᠡ ᠶᠢᠨ ᠬᠠᠳᠠᠭᠠᠯᠠᠬᠤ ᠲᠠᠯᠠᠪᠠᠶ ᠶᠢ ᠴᠤ ᠥᠷᠭᠡᠳᠬᠡᠵᠦ᠂ ᠠᠶᠠᠨᠴᠢᠳ ᠤᠨ ᠲᠣᠮᠣ ᠬᠡᠯᠪᠡᠷᠢ ᠶᠢᠨ ᠪᠣᠭᠤᠳᠠᠯ ᠪᠠᠭᠯᠠᠭ᠎ᠠ ᠶᠢ ᠬᠠᠳᠠᠭᠠᠯᠠᠬᠤ ᠬᠡᠷᠡᠭᠴᠡᠭᠡ ᠶᠢ ᠨᠠᠩ ᠰᠠᠶᠢᠨ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠷᠠᠳ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠡᠭᠦᠷᠭᠡ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号