ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 3 ᠤ ᠡᠳᠦᠷ  ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠣᠤ ᠯᠢᠨ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠮᠵᠢ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠵᠦᠢᠯ ᠤᠨ  ᠲᠣᠭᠲᠠᠭᠠᠯ ᠪᠣᠯᠣᠨ ᠨᠠᠶᠢᠳᠠᠪᠤᠷᠢᠵᠢᠭᠤᠯᠬᠤ ᠨᠠᠷᠢᠨ ᠳᠦᠷᠢᠮ ᠢ ᠬᠢᠨᠠᠮᠠᠭᠠᠢ ᠰᠤᠷᠤᠯᠴᠠᠨ ᠣᠶᠢᠯᠠᠭᠠᠪᠠ  ᠃     ᠬᠤᠷᠠᠯ ᠳᠤ  ᠂ ᠬᠤᠰᠢᠭᠤ ᠤᠳᠤᠷᠢᠳᠤᠯᠭ᠎ᠠ ᠪᠣᠯᠣᠳ᠂ ᠯᠢ ᠰᠢᠤᠸᠠᠢ ᠶᠢᠩ᠂ ᠢᠤᠢ ᠵᠦᠩ ᠮᠢᠨ᠂ ᠶᠠᠨ ᠭᠥᠸᠧ ᡁᠢ᠂ ᠬᠤᠸᠠᠩ ᠯᠢ ᠺᠦᠨ ᠨᠠᠷ ᠰᠣᠯᠢᠯᠴᠠᠬᠤ ᠶᠠᠷᠢᠶ᠎ᠠ ᠬᠢᠵᠦ᠂ ᠪᠣᠰᠣᠳ ᠭᠡᠰᠢᠭᠦᠳ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠪᠢᠴᠢᠭ ᠤᠨ ᠬᠡᠯᠪᠡᠷᠢ ᠪᠠᠷ ᠲᠤᠰᠢᠶᠠᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ  ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠶᠢ ᠦᠷᠭᠦᠯᠵᠢᠯᠡᠨ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠪᠣᠯ ᠠᠯᠤᠰ ᠬᠡᠲᠦ ᠶᠢᠨ ᠴᠢᠨᠠᠷᠲᠠᠢ ᠬᠠᠲᠠᠭᠤ ᠶᠣᠰᠣ ᠲᠦᠷᠢᠮ ᠮᠥᠨ ᠭᠡᠳᠡᠭ ᠢ ᠭᠦᠨᠵᠡᠭᠡᠶ ᠲᠠᠨᠢᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠰᠤᠷᠤᠯᠴᠠᠯᠭ᠎ᠠ ᠬᠥᠮᠦᠵᠢᠯ ᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯ ᠪᠣᠯᠤᠨ ︽ᠰᠤᠷᠲᠠᠯ ᠢ ᠬᠤᠪᠢᠷᠠᠭᠤᠯᠬᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠵᠡᠷᠭᠡ ᠲᠠᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮᠴᠢ ᠴᠢᠨᠠᠷ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠭᠠᠳᠬᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠢᠮᠠᠭᠲᠠ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠠᠵᠢᠯ ᠬᠢᠵᠦ ᠦᠢᠯᠡᠰ ᠪᠣᠰᠬᠠᠬᠤ ᠶᠢ ᠬᠥᠲᠦᠯᠦᠨ ᠵᠢᠯᠣᠭᠤᠳᠴᠤ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠳᠦᠬᠡᠨ ᠪᠠᠶᠢᠭᠤᠯᠬᠤ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号