ᠪᠠᠷᠠᠭᠤᠨ ᠦᠵᠦᠮᠦᠴᠢᠨ ᠬᠤᠰᠢᠭᠤ ᠣᠢ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠳᠤ ᠣᠷᠣᠯᠴᠠᠵᠤ ᠠᠵᠢᠯ  ᠳᠣᠭᠢᠷᠠᠭᠤᠯᠪᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠬᠤᠷᠠᠯ ᠳᠤ ᠣᠷᠣᠯᠴᠠᠵᠠᠶ᠃
     ᠬᠤᠷᠠᠯ ᠠᠴᠠ ︽ᠰᠢᠯᠢ ᠶᠢᠨ ᠭᠤᠣᠯ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠤᠯᠠᠮᠵᠢᠯᠠᠪᠠ᠂ ︽ᠲᠥᠰᠦᠯ︾ ᠳᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠳᠤ ᠬᠤᠯᠪᠣᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢᠨ ᠣᠶᠢᠷ᠎ᠠ ᠪᠦᠲᠦᠮᠵᠢ ᠳᠤ ᠬᠤᠯᠪᠣᠭᠳᠠᠬᠤ ᠪᠦᠭᠡᠳ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠪᠤᠷᠢᠲᠤ ᠬᠦᠴᠦᠨ ᠢ ᠪᠠᠲᠤᠯᠠᠬᠤ ᠵᠠᠩᠭᠢᠯᠠᠭ᠎ᠠ  ᠶᠢᠨ ᠠᠷᠭ᠎ᠠ ᠬᠡᠮᠵᠢᠶ᠎ᠡ ᠪᠣᠯᠤᠨ᠎ᠠ᠃  ᠬᠠᠤᠯᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠬᠡᠷᠡᠭᠲᠡᠢ ᠭᠡᠵᠡᠢ᠃
          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠣᠳᠣᠬᠠᠨ ᠤ ᠴᠢᠬᠤᠯᠠ ᠡᠭᠦᠷᠭᠡ ᠪᠣᠯᠭᠠᠨ ᠠᠳᠬᠤᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ  ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号