ᠭᠤᠤᠯᠳᠠᠯᠭᠠᠳᠤ ᠡᠷᠤᠬᠡ ᠶᠢᠨ ᠥᠢᠯᠡᠳᠥᠯ ᠴᠢᠳᠠᠪᠬᠢ ᠪᠠᠨ ᠬᠥᠢᠴᠡᠳ  ᠪᠠᠳᠠᠷᠠᠭᠤᠯᠵᠦ  ᠶᠠᠪᠤᠭ᠎ᠠ  ᠮᠠᠯᠴᠢᠨ ᠪᠥᠰᠡᠭᠦᠢ
ᠨᠡᠶᠢᠲᠡᠯᠡᠭᠰᠡᠨ ᠴᠠᠭ᠄
2025/4/7
    ᠨᠠᠮ ᠤᠨ ᠬᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠵᠦ᠂ ᠨᠠᠮ ᠤᠨ  ᠭᠡᠰᠢᠭᠦᠨ ᠭᠤᠤᠯᠳᠠᠯᠭᠠᠳᠤ ᠡᠷᠤᠬᠡ ᠶᠢᠨ ᠬᠤᠰᠢᠭᠤᠴᠢ ᠲᠠᠭᠠᠭᠤᠯᠤᠭᠴᠢ ᠶᠢᠨ ᠥᠢᠯᠡᠳᠥᠯ ᠴᠢᠳᠡᠪᠬᠢ ᠪᠠᠨ ᠬᠥᠢᠴᠡᠳ ᠪᠠᠳᠠᠷᠠᠭᠤᠯᠵᠦ ᠮᠠᠯᠴᠢᠨ ᠲᠥᠮᠡᠨ  ᠳᠤ ᠪᠠᠨ ᠲᠠᠭᠤᠷᠢᠶᠠᠯ ᠪᠤᠯᠤᠨ ᠴᠢᠷᠮᠠᠶᠢᠵᠦ ᠶᠠᠪᠤᠭ᠎ᠠ ᠡᠨᠡ ᠪᠥᠰᠡᠭᠦᠢ ᠪᠤᠯ ᠪᠠᠷᠠᠭᠤᠨ ᠥᠵᠥᠮᠥᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠲᠥᠷᠪᠡᠯᠵᠢ ᠭᠠᠴᠠᠭᠠᠨ ᠤ ᠮᠠᠯᠴᠢᠨ ᠨᠠᠷᠠᠨᠴᠡᠴᠡᠭ ᠪᠤᠯᠤᠨ᠎ᠠ᠃     ᠮᠠᠯᠴᠢᠨ ᠨᠠᠷᠠᠨᠴᠡᠴᠡᠭ 2007 ᠤᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠭᠰᠡᠨ ᠠᠴᠠ ᠠᠪᠤᠭᠠᠳ ᠨᠢᠭᠡᠨ ᠰᠢᠯᠢᠳᠡᠭ ᠨᠠᠮ ᠤᠨ ᠭᠡᠰᠢᠭᠦᠨ ᠪᠤᠯᠬᠤ ᠪᠠᠷ ᠪᠡᠶ᠎ᠡ ᠪᠠᠨ ᠴᠢᠩᠭ᠎ᠠ ᠱᠠᠭᠠᠷᠳᠠᠵᠦ᠂ ᠨᠠᠮ ᠤᠨ ᠭᠡᠰᠢᠭᠦᠳ ᠤᠨ ᠬᠢᠴᠢᠶᠠᠯ ᠬᠥᠮᠥᠵᠢᠯ ᠰᠤᠷᠤᠯᠴᠠᠯᠭ᠎ᠠ ᠪᠤᠯᠪᠠᠰᠤᠷᠠᠯ ᠳᠤ ᠪᠠᠶᠢᠩᠭᠤ ᠤᠷᠤᠯᠴᠠᠵᠦ ᠥᠵᠡᠯᠳᠡ ᠲᠠᠨᠢᠯᠳᠠ ᠪᠠᠨ ᠲᠡᠭᠡᠭᠰᠢᠯᠡᠭᠦᠯᠵᠦ ᠢᠷᠡᠭᠰᠡᠨ ᠢᠶᠠᠷ᠂ 2018 ᠤᠨ ᠳᠤ  ᠭᠠᠴᠠᠭᠠᠨ ᠤ ᠪᠠᠨ ᠬᠠᠤᠯᠢ ᠶᠢᠨ ᠬᠥᠳᠥᠴᠢ ᠶᠢᠨ ᠲᠤᠰᠢᠶᠠᠯ ᠢ ᠡᠭᠦᠷᠭᠡᠯᠡᠵᠦ ᠮᠠᠯᠴᠢᠳ  ᠤᠨ ᠡᠳᠤᠷ ᠲᠤᠳᠤᠮ ᠤᠨ ᠠᠵᠦ ᠠᠮᠢᠳᠤᠷᠠᠯ ᠲᠠᠢ ᠬᠤᠯᠪᠤᠭᠳᠠᠬᠤ ᠬᠠᠮᠢᠶ᠎ᠠ ᠪᠥᠬᠦᠢ ᠬᠠᠤᠯᠢ ᠴᠠᠭᠠᠵᠠ ᠲᠥᠷᠢᠮ ᠲᠤᠭᠳᠠᠭᠠᠯ ᠢ ᠥᠪᠡᠷᠳᠡᠭᠡᠨ ᠰᠤᠷᠤᠯᠴᠠᠵᠦ᠂ ᠪᠠᠯᠭᠠᠰᠤ ᠪᠤᠯᠤᠨ ᠭᠠᠴᠠᠭᠠᠨ ᠤ ᠬᠠᠤᠯᠢ ᠴᠠᠭᠠᠵᠠ ᠶᠢᠨ ᠠᠵᠢᠯᠳᠠᠨ᠂ ᠬᠠᠤᠯᠢ ᠶᠢᠨ ᠵᠥᠪᠯᠡᠭᠴᠢ  ᠲᠠᠢ ᠪᠠᠶᠢᠩᠭᠤ  ᠬᠠᠷᠢᠯᠴᠠᠨ ᠬᠠᠤᠯᠢ ᠴᠠᠭᠠᠵᠠ ᠶᠢᠨ ᠠᠰᠠᠭᠤᠨ ᠯᠠᠪᠯᠠᠯᠳᠠ᠂ ᠠᠷᠠᠳ ᠤᠨ ᠡᠶᠡᠳᠡᠭᠦᠯᠭᠡ ᠵᠡᠷᠭᠡ ᠮᠡᠳᠡᠯᠭᠡ ᠶᠢ ᠡᠵᠡᠮᠰᠢᠨ ᠮᠠᠯᠴᠢᠨ ᠲᠥᠮᠡᠨ ᠳᠤ ᠪᠠᠨ ᠬᠠᠤᠯᠢ ᠲᠥᠷᠢᠮ᠂ ᠲᠥᠷᠥ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠦ ᠵᠥᠷᠢᠴᠡᠯ ᠵᠢᠭᠤᠷᠠᠭᠠᠨ ᠢ ᠡᠶᠡᠳᠡᠭᠦᠯᠥᠨ ᠵᠤᠬᠢᠴᠠᠭᠤᠯᠬᠤ ᠶᠢᠨ ᠬᠠᠮᠳᠤ ᠤᠷᠴᠢᠮ ᠤᠨ ᠵᠢᠯ ᠤᠳ ᠲᠤ ᠡᠯ᠎ᠡ ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠥᠳᠡᠯᠭᠡᠭᠡᠨ ᠢ ᠤᠯᠠᠨ ᠤᠳᠠᠭ᠎ᠠ  ᠥᠷᠨᠢᠭᠦᠯᠥᠨ ᠰᠢᠯᠢᠳᠡᠭ ᠰᠠᠶᠢᠨ ᠬᠠᠤᠯᠢ ᠶᠢᠨ ᠥᠢᠯᠡᠴᠢᠯᠡᠭᠡ ᠬᠠᠩᠭᠠᠵᠦ᠂ ᠥᠨᠳᠤᠰᠤᠨ ᠱᠠᠳᠤᠨ ᠤ ᠬᠠᠤᠯᠢ ᠶᠢᠨ ᠬᠥᠳᠥᠴᠢ ᠶᠢᠨ ᠥᠢᠯᠡᠳᠥᠯ ᠢᠶᠠᠨ ᠰᠠᠶᠢᠳᠤᠷ ᠪᠠᠳᠠᠷᠠᠭᠤᠯᠵᠦ ᠢᠷᠠᠵᠠᠢ᠃     ᠰᠢᠯᠢ ᠶᠢᠨ ᠭᠤᠤᠯ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠠᠴᠠ ᠤᠯᠭᠤᠭᠰᠠᠨ ︽ᠰᠢᠯᠢ ᠶᠢᠨ ᠭᠤᠤᠯ ᠠᠶᠢᠮᠠᠭ ᠤᠨ ᠭᠤᠶᠤ ᠬᠥᠷᠢᠶᠡᠯᠡᠩ ᠤᠨ ᠵᠢᠱᠢᠶᠡᠴᠢ ᠡᠷᠤᠬᠡ︾᠂ ᠬᠤᠰᠢᠭᠤ᠂  ᠪᠠᠯᠭᠠᠰᠤᠨ ᠤ ︽3.8   ᠶᠢᠨ ᠤᠯᠠᠭᠠᠨ ᠲᠤᠭᠴᠢ︾᠂ ︽ᠤᠳᠤᠨ ᠲᠠᠰ ᠤᠨ ᠴᠡᠪᠡᠷ ᠠᠶᠢᠯ︾ ᠢᠶᠠᠷ ᠤᠯᠠᠨᠳᠠ ᠥᠨᠡᠯᠡᠭᠳᠡᠵᠦ ᠱᠠᠩᠨᠠᠯ ᠭᠥᠬᠢᠭᠦᠯᠥᠯ ᠲᠤᠰᠴᠤ ᠪᠠᠶᠢᠭᠰᠠᠨ ᠨᠠᠷᠠᠨᠴᠡᠴᠡᠭ  ᠤᠷᠢᠳ ᠬᠤᠵᠢᠳ ᠭᠠᠴᠠᠭᠠᠨ ᠤ ᠪᠠᠨ ᠨᠠᠮ ᠤᠨ ᠡᠭᠦᠷ ᠤᠨ ᠤᠬᠠᠭᠤᠯᠬᠤ ᠭᠡᠰᠢᠭᠦᠨ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠲᠤᠭᠤᠶᠢᠯᠠᠩ ᠤᠨ ᠬᠡᠰᠢᠭᠦᠨ ᠤ ᠲᠤᠰᠢᠶᠠᠯ ᠢ ᠡᠭᠦᠷᠭᠡᠯᠡᠵᠦ ᠪᠠᠶᠢᠭᠰᠠᠨ ᠪᠥᠭᠡᠳ 2022 ᠤᠨ ᠳᠤ ᠭᠠᠴᠠᠭᠠᠨ ᠤ ᠪᠠᠨ ᠨᠠᠮ ᠤᠨ ᠭᠡᠰᠢᠭᠦᠨ  ᠭᠤᠤᠯᠳᠠᠯᠭᠠᠳᠤ ᠡᠷᠤᠬᠡ ᠪᠠᠷ ᠰᠤᠩᠭᠤᠭᠳᠠᠵᠦ᠂ ᠥᠢᠯᠡᠴᠢᠯᠡᠭᠡᠨ  ᠤ ᠬᠠᠷᠢᠶᠠᠨ ᠳᠤ ᠨᠢ 106  ᠲᠡᠭᠰᠢ ᠬᠠᠪᠲᠠᠭᠠᠢ ᠺᠢᠯᠤᠮᠧᠲᠷ ᠲᠠᠯᠠᠪᠠᠢ ᠪᠥᠬᠦᠢ 46 ᠮᠠᠯᠴᠢᠨ ᠡᠷᠤᠭᠡ᠂ 11 ᠨᠠᠮ ᠤᠨ ᠭᠡᠰᠢᠭᠦᠨ  ᠡᠷᠤᠬᠡ ᠪᠠᠭᠳᠠᠵᠦ ᠪᠠᠶᠢᠳᠠᠭ᠃  ᠨᠠᠷᠠᠨᠴᠡᠴᠡᠭ ᠨᠠᠮ ᠤᠨ ᠭᠡᠰᠢᠭᠦᠨ ᠭᠤᠤᠯᠳᠠᠯᠭᠠᠳᠤ ᠡᠷᠤᠬᠡ ᠶᠢᠨ ᠥᠢᠯᠡᠳᠥᠯ ᠢ ᠬᠥᠢᠴᠡᠳ ᠪᠠᠳᠠᠷᠠᠭᠤᠯᠵᠦ᠂ ︽ᠨᠢᠭᠡ ᠤᠯᠠᠷᠢᠯ ᠳᠤ ᠨᠢᠭᠡ ᠭᠤᠤᠯ ᠰᠡᠳᠤᠪᠳᠤ︾  ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ ᠲᠤᠭᠳᠠᠮᠠᠯ ᠬᠤᠭᠤᠴᠠᠭ᠎ᠠ ᠲᠠᠢ ᠬᠠᠮᠢᠶᠠᠷᠤᠯᠳᠠ ᠶᠢᠨ ᠲᠤᠭᠤᠷᠢᠭ ᠤᠨ ᠢᠶᠠᠨ ᠨᠠᠮ ᠤᠨ ᠭᠡᠰᠢᠭᠦᠨ᠂ ᠮᠠᠯᠴᠢᠨ ᠡᠷᠥᠬᠡ ᠪᠠᠨ ᠵᠤᠬᠢᠶᠠᠨ ᠪᠠᠶᠢᠭᠤᠯᠵᠦ ᠰᠤᠶᠤᠯ ᠲᠠᠮᠢᠷ ᠤᠨ ᠠᠵᠢᠯᠯᠠᠭ᠎ᠠ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠰᠠᠯᠠᠩ ᠤᠨ ᠠᠵᠢᠯᠯᠠᠭ᠎ᠠ᠂ ᠬᠥᠴᠢᠷᠳᠡᠯᠳᠡᠢ ᠡᠷᠤᠬᠡ ᠶᠢ ᠲᠡᠳᠬᠦᠨ ᠲᠡᠮᠵᠢᠬᠦ  ᠪᠤᠶᠠᠨ ᠤ ᠠᠵᠢᠯᠯᠠᠭ᠎ᠠ ᠥᠷᠨᠢᠭᠦᠯᠭᠦ ᠪᠤᠶᠤ ᠲᠡᠭᠡᠳᠤ ᠱᠠᠳᠤᠨ  ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠤᠷᠢ  ᠪᠠᠶᠢᠷᠢᠯᠠᠭᠤᠯᠤᠯᠳᠠ ᠵᠢᠴᠢ ᠲᠥᠷᠥ ᠶᠢᠨ ᠪᠤᠳᠤᠯᠭ᠎ᠠ ᠬᠠᠤᠯᠢ ᠴᠠᠭᠠᠵᠠ ᠲᠥᠷᠢᠮ ᠲᠤᠭᠳᠠᠭᠠᠯ ᠢ  ᠰᠤᠷᠤᠯᠴᠠᠭᠤᠯᠵᠦ᠂ ᠠᠷᠠᠳ ᠲᠤ ᠠᠰᠢᠭᠳᠠᠢ ᠲᠥᠷᠥ ᠶᠢᠨ ᠪᠤᠳᠤᠯᠭ᠎ᠠ ᠶᠢ ᠴᠠᠭ ᠲᠤᠬᠠᠢ  ᠳᠤ ᠨᠢ ᠲᠠᠮᠵᠢᠭᠤᠯᠤᠨ ᠮᠠᠯᠴᠢᠨ ᠲᠥᠮᠡᠨ ᠤ ᠤᠨᠤᠯ ᠲᠥᠷᠥ ᠶᠢᠨ ᠪᠤᠳᠤᠯᠭ᠎ᠠ ᠶᠢᠨ ᠤᠶᠢᠯᠠᠭᠠᠯᠳᠠ ᠲᠠᠨᠢᠯᠳᠠ ᠶᠢ ᠲᠡᠭᠡᠭᠰᠢᠯᠡᠭᠦᠯᠥᠭᠰᠡᠨ ᠪᠥᠭᠡᠳ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯᠯᠠᠭ᠎ᠠ ᠶᠢ ᠤᠯᠠᠨ ᠤᠳᠠᠭ᠎ᠠ ᠵᠤᠬᠢᠶᠠᠨ ᠪᠠᠶᠢᠭᠤᠯᠵᠦ ᠮᠠᠯᠴᠢᠨ ᠲᠥᠮᠡᠨ ᠢ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ᠂ ᠨᠤᠳᠤᠭ ᠤᠰᠤ ᠪᠠᠨ ᠬᠠᠶᠢᠷᠠᠯᠠᠬᠤ ᠥᠵᠡᠯ ᠤᠬᠠᠮᠰᠠᠷ ᠢᠶᠠᠨ ᠲᠡᠭᠡᠭᠰᠢᠯᠡᠭᠦᠯᠬᠦ ᠶᠢ ᠤᠷᠢᠶᠠᠯᠠᠬᠤ ᠵᠡᠷᠭᠡ ᠪᠠᠷ ᠢᠳᠡᠪᠬᠢᠳᠡᠢ ᠠᠵᠢᠯᠯᠠᠵᠦ ᠢᠷᠡᠭᠰᠡᠨ ᠢᠶᠠᠷ ᠂ 2023 ᠤᠨ ᠳᠤ ᠵᠢᠷ ᠤᠨ ᠭᠤᠤᠯ ᠪᠠᠯᠭᠠᠰᠤᠨ ᠤ ︽ᠠᠷᠪᠠᠨ ᠰᠢᠯᠢᠳᠡᠭ ᠨᠠᠮ ᠤᠨ ᠭᠡᠰᠢᠭᠦᠨ  ᠭᠤᠤᠯᠳᠠᠯᠭᠠᠳᠤ ᠡᠷᠤᠬᠡ︾ ᠪᠠᠷ ᠰᠤᠩᠭᠤᠭᠳᠠᠵᠠᠢ᠃     ᠤᠳᠤ ᠨᠠᠷᠠᠨᠴᠡᠴᠡᠭ ᠤᠨ ᠬᠢ ᠪᠡᠯᠴᠢᠭᠡᠷ ᠤᠨ ᠲᠠᠭᠠᠭᠠᠴᠠ ᠳᠤ ᠪᠠᠨ ᠲᠤᠬᠢᠷᠠᠭᠤᠯᠤᠨ ᠠᠳᠤᠭᠤ ᠭᠤᠤᠯᠳᠠᠢ ᠮᠠᠯᠵᠢᠵᠦ ᠪᠠᠶᠢᠬᠤ ᠪᠥᠭᠡᠳ ᠤᠯᠠᠮᠵᠢᠯᠠᠯᠳᠤ ᠨᠡᠭᠦᠳᠡᠯ ᠮᠠᠯᠵᠢᠯ ᠤᠨ ᠬᠠᠮᠢᠶ᠎ᠠ ᠲᠠᠢ ᠲᠡᠷᠭᠡ ᠬᠠᠰᠠᠭ᠂ ᠤᠭᠤᠷ ᠮᠠᠨᠴᠤ  ᠁ ᠮᠠᠳᠤ  ᠶᠢᠨ ᠬᠠᠭᠤᠴᠢᠨ ᠡᠳ᠋ ᠬᠡᠷᠡᠭᠰᠡᠯ  ᠂ ᠤᠯᠠᠮᠵᠢᠯᠠᠯᠳᠤ ᠬᠥᠭᠵᠢᠮ ᠤᠨ ᠵᠢᠮᠰᠡᠭ ᠪᠤᠯᠤᠨ ᠭᠠᠷ ᠤᠷᠠᠯᠠᠯ ᠤᠨ ᠪᠥᠳᠥᠭᠡᠭᠳᠡᠬᠦᠨ ᠢ ᠤᠯᠳᠠᠬᠤ ᠶᠢᠨ ᠬᠢᠷᠢ ᠪᠠᠷ ᠴᠤᠭᠯᠠᠭᠤᠯᠤᠨ ᠮᠤᠩᠭᠤᠯ ᠭᠡᠷ ᠲᠤ ᠪᠠᠨ ᠲᠡᠯᠭᠡᠨ ᠥᠵᠡᠭᠦᠯᠵᠦ᠂ ᠲᠠᠯ᠎ᠠ ᠨᠤᠳᠤᠭ ᠤᠨ ᠲᠠᠩᠰᠤᠭ ᠥᠵᠡᠮᠵᠢ ᠲᠠᠢ ᠤᠶᠠᠯᠳᠤᠭᠤᠯᠤᠨ ᠲᠤᠭᠤᠷᠢᠨ ᠵᠤᠭᠠᠴᠠᠭᠰᠠᠳ ᠪᠤᠯᠤᠨ ᠭᠡᠷᠡᠯ ᠵᠢᠷᠤᠭ ᠤᠨ ᠲᠤᠷ᠎ᠠ ᠪᠠᠭ᠋ᠠᠳᠠᠳ ᠲᠤ ᠥᠢᠯᠡᠴᠢᠯᠡᠭᠡᠨ ᠤ ᠲᠠᠯᠠᠪᠠᠢ ᠬᠠᠩᠭᠠᠵᠦ ᠠᠰᠢᠭ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号