4 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ᠂ ᠣᠶ ᠰᠢᠭᠤᠢ ᠶᠢᠨ | ᠭᠠᠯ ᠤᠨᠲᠠᠷᠠᠭᠠᠬᠤ ᠶᠡᠭᠡ ᠠᠩᠭᠢ ᠠᠴᠠ ᠳᠠᠭᠠᠭᠠᠴᠢᠯᠠᠨ ᠡᠷᠭᠢᠯᠡᠭᠰᠡᠨ 2025 ᠣᠨ ᠤ ᠨᠤᠲᠤᠭ ᠪᠡᠯᠴᠢᠭᠡᠷ ᠤᠨ ᠭᠠᠯ | ᠤᠨᠲᠠᠷᠠᠭᠠᠬᠤ ᠰᠣᠷᠢᠯᠲᠠ ᠬᠤᠰᠢᠭᠤ ᠨᠠᠶᠢᠷ ᠤᠨ ᠲᠠᠯᠠᠪᠠᠶ ᠳᠤ ᠶᠠᠪᠤᠭᠳᠠᠪᠠ᠃ | ᠲᠣᠰ ᠤᠳᠠᠭᠠᠨ ᠤ ᠰᠣᠷᠢᠯᠲᠠ ᠳᠤ ︽ᠬᠥᠮᠥᠨ ᠢᠶᠠᠷ ᠦᠨᠳᠦᠰᠦ ᠪᠣᠯᠭᠠᠬᠤ᠂ ᠠᠮᠢ ᠨᠠᠰᠤ ᠶᠢ ᠳᠡᠭᠡᠳᠦᠯᠡᠬᠦ᠂ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠢᠯ ᠬᠤᠪᠢᠶᠠᠷᠢᠯᠠᠨ ᠬᠠᠮᠵᠢᠯᠴᠠᠬᠤ᠂ ᠲᠦᠷᠭᠡᠨ | ᠲᠤᠰᠬᠠᠬᠤ᠂ ᠨᠢᠭᠡᠳᠦᠯᠲᠡᠢ ᠵᠢᠯᠤᠭᠤᠳᠬᠤ︾ ᠵᠠᠷᠴᠢᠮ ᠢ ᠵᠢᠷᠤᠮᠯᠠᠵᠤ᠂ ᠬᠤᠰᠢᠭᠤ ᠬᠠᠮᠢᠶ᠎ᠠ ᠪᠦᠬᠦᠢ ᠨᠢᠭᠡᠴᠡ᠂ ᠬᠤᠰᠢᠭᠤ | ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ | ᠲᠤᠰᠬᠠᠢ ᠭᠠᠯ ᠤᠨᠲᠠᠷᠠᠭᠠᠬᠤ ᠠᠩᠭᠢ ᠵᠡᠷᠭᠡ ᠬᠠᠮᠵᠢᠯᠴᠠᠨ ᠭᠠᠯ ᠣᠨᠲᠠᠷᠠᠭᠠᠪᠠ᠃ | ᠲᠣᠬᠠᠢ ᠶᠢᠨ ᠲᠠᠯᠠᠪᠠᠢ ᠳᠤ ᠵᠢᠯᠤᠭᠤᠳᠬᠤ ᠭᠠᠵᠠᠷ᠂ ᠬᠥᠮᠥᠰ ᠢ ᠴᠤᠭᠯᠠᠭᠤᠯᠬᠤ᠂ ᠵᠡᠪᠰᠡᠭ ᠲᠣᠨᠣᠭᠯᠠᠯ ᠢ ᠳᠡᠯᠭᠡᠨ | ᠦᠵᠡᠭᠦᠯᠬᠦ᠂ ᠪᠠᠶᠢᠳᠠᠯ ᠢ ᠰᠢᠢᠳᠪᠦᠷᠢᠯᠡᠬᠦ᠂ ᠲᠡᠷᠭᠡ ᠬᠥᠰᠬᠡ ᠵᠣᠭᠰᠤᠭᠠᠬᠤ ᠵᠡᠷᠭᠡ 5 ᠲᠣᠭᠤᠷᠢᠭ ᠳᠣᠬᠢᠷᠠᠭᠤᠯᠵᠣ᠂ | ᠪᠠᠯᠭᠠᠷᠭᠤᠣᠯ ᠪᠠᠯᠭᠠᠰᠤᠨ ᠤ ᠨᠢᠭᠡᠨ ᠡᠪᠡᠰᠦᠨ ᠲᠡᠷᠭᠡᠨ ᠳᠤ ᠭᠡᠨᠡᠳᠲᠡ ᠭᠠᠯ ᠭᠠᠷᠴᠤ᠂ ᠶᠡᠭᠡ ᠰᠠᠯᠬᠢᠨ ᠤ ᠨᠥᠯᠥᠭᠡ ᠪᠠᠷ ᠭᠠᠯ | ᠤᠨ ᠠᠶᠤᠯ ᠦᠳᠲᠡᠷ ᠶᠡᠬᠡᠰᠴᠦ᠂ ᠣᠶ ᠰᠢᠭᠤᠢ᠂ ᠲᠠᠯ᠎ᠠ ᠨᠤᠲᠤᠭ ᠤᠨ ᠭᠠᠯ ᠤᠨ ᠠᠶᠤᠯ ᠭᠠᠷᠣᠭᠰᠠᠨ ᠢᠶᠠᠷ ᠵᠢᠱᠢᠶᠡᠯᠡᠨ | ᠰᠣᠷᠢᠯᠲᠠ ᠬᠢᠵᠡᠢ᠃ | ᠰᠣᠷᠢᠯᠲᠠ ᠶᠢ ᠭᠠᠯ ᠲᠦᠢᠮᠡᠷ ᠤᠨ ᠲᠠᠯᠠᠪᠠᠶ ᠶᠢ ᠬᠠᠶᠢᠨ ᠪᠠᠶᠢᠴᠠᠭᠠᠬᠤ ᠪᠠ ᠭᠠᠯ ᠤᠨ ᠪᠠᠶᠢᠳᠠᠯ ᠢ ᠰᠢᠢᠳᠪᠦᠷᠢᠯᠡᠬᠦ ᠬᠤᠶᠠᠷ | ᠱᠠᠲᠤ ᠬᠤᠪᠢᠶᠠᠵᠣ᠂ ᠨᠢᠭᠡ ᠳᠤ᠂ ᠣᠶ ᠰᠢᠭᠤᠢ ᠶᠢᠨ ᠭᠠᠯ ᠤᠨᠲᠠᠷᠠᠭᠠᠬᠤ ᠠᠩᠭᠢ ᠶᠢᠨ ᠵᠢᠯᠣᠭᠤᠴᠢ ᠦᠭᠡᠢ ᠨᠢᠰᠬᠡᠯ ᠤᠨ | 3D ᠵᠠᠭᠪᠤᠷᠯᠠᠬᠤ ᠳᠠᠪᠠᠭᠤᠯᠢᠭ ᠢ ᠠᠰᠢᠭᠯᠠᠨ᠂ ᠭᠠᠯ ᠤᠨ ᠪᠠᠶᠢᠳᠠᠯ ᠢ ᠴᠠᠭ ᠲᠤᠬᠠᠢ ᠳᠤᠨᠢ ᠵᠢᠷᠣᠭᠯᠠᠵᠣ᠂ ᠬᠤᠶᠠᠷ ᠲᠤ᠂ | ᠣᠢ ᠰᠢᠭᠤᠢ ᠶᠢᠨ ᠭᠠᠯ ᠤᠨᠲᠠᠷᠠᠭᠠᠬᠤ ᠳᠤ ᠲᠤᠰᠠᠯᠠᠬᠤ ᠰᠢᠢᠳᠪᠦᠷᠢᠲᠦ ᠪᠣᠳᠣᠯᠭ᠎ᠠ ᠶᠢᠨ ᠰᠢᠰᠲ᠋ᠧᠮ ᠢ ᠦᠵᠡᠭᠦᠯᠵᠦ᠂ ᠪᠦᠭᠦ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠬᠤ ᠵᠢᠷᠤᠭ ᠪᠠ ᠭᠠᠯ ᠤᠨ ᠪᠠᠶᠢᠳᠠᠯ ᠢᠶᠠᠷ | ᠳᠠᠮᠵᠢᠭᠤᠯᠤᠨ ᠵᠢᠯᠣᠭᠤᠳᠤᠭᠴᠢ ᠳᠤ ᠰᠢᠢᠳᠪᠦᠷᠢᠲᠦ ᠪᠣᠳᠣᠯᠭ᠎ᠠ ᠶᠢᠨ ᠬᠠᠪᠰᠤᠷᠤᠮᠵᠢ ᠪᠣᠯᠭᠠᠵᠠᠢ᠃ ᠭᠠᠯ ᠤᠨ ᠪᠠᠶᠢᠳᠠᠯ ᠢ | ᠭᠤᠷᠪᠠᠨ ᠱᠠᠲᠤ ᠬᠤᠪᠢᠶᠠᠵᠠᠢ᠄ ᠨᠢᠭᠡ ᠳᠤ᠂ ᠲᠤᠰᠬᠠᠢ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ ᠡᠪᠡᠰᠦᠨ ᠣᠪᠣᠭ᠎ᠠ᠂ | ᠲᠣᠮᠣ ᠬᠡᠯᠪᠡᠷᠢ ᠶᠢᠨ ᠮᠠᠰᠢᠨ ᠮᠧᠬᠠᠨᠢᠭ᠂ ᠭᠠᠯ ᠤᠨᠲᠠᠷᠠᠭᠠᠬᠤ ᠲᠡᠷᠭᠡ ᠬᠠᠮᠵᠢᠯᠴᠠᠵᠤ ᠪᠠᠶᠢᠭᠠᠳ ᠤᠰᠤ ᠪᠠᠷ ᠭᠠᠯ | ᠤᠨᠲᠠᠷᠠᠭᠠᠨ᠎ᠠ᠃ ᠬᠤᠶᠠᠷ ᠲᠤ᠂ ᠤᠰᠤᠨ ᠬᠥᠭᠡᠷᠭᠡ ᠶᠢᠨ ᠬᠤᠪᠢᠶᠠᠷᠢ ᠠᠩᠭᠢ ᠶᠢ ᠠᠰᠢᠭᠯᠠᠨ ᠤᠰᠤ ᠪᠠᠷ ᠭᠠᠯ ᠤᠨᠲᠠᠷᠠᠭᠠᠬᠤ | ᠠᠷᠭ᠎ᠠ ᠪᠠᠷ ᠣᠶ ᠰᠢᠭᠤᠢ ᠶᠢᠨ ᠭᠠᠯ ᠤᠨ ᠭᠠᠮᠰᠢᠭ ᠢ ᠰᠢᠢᠳᠪᠦᠷᠢᠯᠡᠨ᠎ᠡ᠃ ᠭᠤᠷᠪᠠ ᠳᠤ᠂ ᠬᠤᠰᠢᠭᠤᠴᠢ ᠴᠡᠷᠢᠭ ᠤᠨ | ᠰᠢᠪᠲᠤᠯᠤᠨ ᠳᠠᠭᠠᠷᠢᠬᠤ ᠳᠤᠭᠤᠶᠢᠯᠠᠩ᠂ ᠪᠠᠶᠢᠯᠳᠤᠭᠠᠨ ᠤ ᠲᠡᠷᠭᠡᠨ ᠤ ᠬᠤᠪᠢᠶᠠᠷᠢ ᠠᠩᠭᠢ ᠰᠠᠯᠬᠢ᠂ ᠬᠢᠮᠢ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠢᠢᠳᠪᠦᠷᠢᠯᠡᠨ᠎ᠡ᠃ | ᠪᠣᠳᠠᠲᠤ ᠪᠠᠶᠢᠯᠳᠤᠭᠠᠨ ᠤ ᠰᠣᠷᠢᠯᠲᠠ ᠶᠢᠨ ᠵᠣᠬᠢᠶᠠᠨ ᠪᠠᠶᠢᠭᠤᠯᠤᠯᠲᠠ ᠨᠢ ᠨᠢᠭᠲᠠ ᠴᠢᠩᠭ᠎ᠠ᠂ ᠵᠢᠯᠣᠭᠤᠳᠤᠯᠭ᠎ᠠ ᠨᠢ ᠡᠮᠬᠢ | ᠵᠢᠷᠤᠮ ᠲᠠᠢ ᠪᠠᠶᠢᠵᠤ᠂ ᠡᠯ᠎ᠡ ᠬᠤᠯᠪᠣᠭᠳᠠᠯ ᠪᠦᠬᠦᠢ ᠡᠩᠨᠡᠭᠡᠨ ᠤ ᠳᠣᠰᠬᠠᠯ ᠲᠦᠷᠭᠡᠨ᠂ ᠬᠠᠮᠵᠢᠯᠴᠠᠭ᠎ᠠ ᠨᠢ ᠨᠢᠭᠲᠠ᠂ | ᠬᠠᠷᠢᠯᠴᠠᠭ᠎ᠠ ᠨᠢ ᠰᠢᠭᠤᠳ ᠪᠠᠶᠢᠵᠤ᠂ ᠰᠣᠷᠢᠯᠲᠠ ᠨᠢ ᠬᠠᠮᠵᠢᠯᠴᠠᠨ ᠪᠠᠶᠢᠯᠳᠤᠬᠤ ᠤᠬᠠᠮᠰᠠᠷ ᠪᠠ ᠴᠢᠳᠠᠪᠤᠷᠢ ᠶᠢ ᠭᠦᠢᠴᠡᠳ | ᠢᠯᠡᠷᠡᠭᠦᠯᠵᠦ᠂ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ᠭᠠᠯ ᠤᠨ ᠲᠠᠯᠠᠪᠠᠶ ᠶᠢᠨ ᠭᠠᠳᠠᠭᠤᠷ᠂ ᠳᠣᠲᠣᠭᠠᠳᠤ | ᠶᠢ ᠬᠠᠮᠠᠭᠠᠯᠠᠬᠤ ᠰᠠᠯᠠᠭ᠎ᠠ ᠮᠥᠴᠢᠷ ᠲᠤᠬᠠᠢ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠵᠤ᠂ ᠲᠦᠷ ᠴᠠᠭ ᠤᠨ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠠᠪᠤᠷᠠᠨ ᠲᠤᠰᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠵᠤ᠂ ᠬᠤᠰᠢᠭᠤ ᠡᠮᠴᠢᠯᠡᠭᠡᠨ ᠤ ᠠᠪᠤᠷᠠᠨ ᠲᠤᠰᠠᠯᠠᠬᠤ ᠰᠠᠯᠠᠭ᠎ᠠ ᠮᠥᠴᠢᠷ ᠲᠤᠬᠠᠢ ᠶᠢᠨ ᠲᠠᠯᠠᠪᠠᠶ ᠳᠤ ᠡᠮᠴᠢᠯᠡᠭᠡᠨ ᠤ | ᠠᠪᠤᠷᠠᠨ ᠲᠤᠰᠠᠯᠠᠬᠤ ᠴᠡᠭ ᠭᠠᠷᠭᠠᠵᠤ᠂ ᠰᠢᠷᠬᠠᠲᠤᠭᠰᠠᠳ ᠢ ᠠᠪᠤᠷᠠᠨ ᠡᠮᠴᠢᠯᠡᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ | ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠭᠠᠯ | ᠤᠨᠲᠠᠷᠠᠭᠠᠬᠤ ᠠᠵᠢᠯ ᠳᠤ ᠴᠠᠭ ᠠᠭᠤᠷ ᠤᠨ ᠮᠡᠳᠡᠭᠡ ᠵᠠᠩᠭᠢ ᠶᠢ ᠬᠠᠩᠭᠠᠭᠰᠠᠨ ᠪᠠᠶᠢᠨ᠎ᠠ᠃ | ᠣᠯᠠᠨ ᠵᠦᠢᠯ ᠤᠨ ᠠᠷᠭ᠎ᠠ ᠬᠡᠯᠪᠡᠷᠢ ᠪᠣᠯᠣᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠪᠠᠷ ᠳᠡᠮᠵᠢᠨ᠂ ᠭᠠᠯ ᠢ | ᠠᠮᠵᠢᠯᠲᠠ ᠲᠠᠢ ᠪᠠᠷ ᠤᠨᠲᠠᠷᠠᠭᠠᠵᠤ᠂ ᠰᠣᠷᠢᠯᠲᠠ ᠶᠢ ᠠᠮᠵᠢᠯᠲᠠ ᠲᠠᠢ ᠬᠢᠵᠦ᠂ ᠬᠤᠶᠢᠰᠢᠳᠠ ᠶᠢᠨ ᠭᠡᠨᠡᠳᠲᠡ ᠶᠢᠨ ᠪᠠᠶᠢᠳᠠᠯ ᠢ | ᠠᠷᠭᠠᠴᠠᠬᠤ᠂ ᠮᠠᠨ ᠤ ᠬᠤᠰᠢᠭᠤᠨ ᠤ ᠠᠷᠠᠳ ᠣᠯᠠᠨ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠠᠮᠤᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠲᠣᠭᠲᠠᠭᠤᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | ᠰᠣᠷᠢᠯᠲᠠ ᠳᠤᠮᠳᠠ᠂ ᠵᠢᠯᠣᠭᠤᠴᠢ ᠦᠭᠡᠢ ᠨᠢᠰᠬᠡᠯ ᠵᠡᠷᠭᠡ ᠣᠲᠣ ᠦᠶ᠎ᠡ ᠶᠢᠨ ᠲᠣᠨᠤᠭ ᠲᠥᠬᠦᠭᠡᠷᠦᠮᠵᠢ ᠶᠢᠨ ᠬᠡᠷᠡᠭᠴᠡᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠠᠯ ᠤᠨ ᠪᠠᠶᠢᠳᠠᠯ ᠢ ᠪᠠᠶᠢᠴᠠᠭᠠᠬᠤ ᠡᠭᠦᠷᠭᠡ ᠶᠢ ᠪᠡᠶᠡᠯᠡᠭᠦᠯᠦᠭᠰᠡᠨ ᠢᠶᠠᠷ ᠪᠠᠷᠠᠬᠤ | ᠦᠭᠡᠢ᠂ ᠪᠠᠰᠠ ᠵᠢᠯᠣᠭᠤᠴᠢ ᠦᠭᠡᠢ ᠨᠢᠰᠬᠡᠯ ᠤᠨ ᠭᠠᠯ ᠤᠨᠲᠠᠷᠠᠭᠠᠬᠤ ᠲᠤᠰᠬᠠᠢ ᠮᠡᠷᠭᠡᠵᠢᠯ ᠢ ᠬᠡᠷᠡᠭᠯᠡᠨ᠂ ᠪᠠᠶᠢᠳᠠᠯ ᠨᠡᠯᠢᠶᠡᠳ | ᠬᠡᠴᠡᠭᠦᠦ᠂ ᠬᠥᠮᠥᠨ ᠬᠠᠷ᠎ᠠ ᠣᠶᠢᠷᠠᠳᠬᠤ ᠳᠤ ᠪᠡᠷᠬᠡᠲᠡᠢ ᠭᠠᠯ ᠢ ᠨᠠᠷᠢᠯᠢᠭ ᠣᠨᠣᠴᠠᠲᠠᠢ ᠪᠠᠷ ᠤᠨᠲᠠᠷᠠᠭᠠᠭᠰᠠᠨ ᠪᠠᠶᠢᠨ᠎ᠠ᠃ | ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠥᠷᠦᠭᠡᠰᠦᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠠᠰᠠᠭ | ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠭᠤᠣᠯᠳᠠᠯᠭ᠎ᠠ ᠲᠠᠢ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠵᠢᠴᠢ ᠵᠠᠮ ᠬᠠᠷᠢᠯᠴᠠᠭ᠎ᠠ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ | ᠰᠠᠯᠠᠭ᠎ᠠ ᠮᠥᠴᠢᠷ ᠤᠨ 500 ᠭᠠᠷᠤᠢ ᠬᠥᠮᠥᠨ ᠰᠣᠷᠢᠯᠲᠠ ᠳᠤ ᠣᠷᠣᠯᠴᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ ᠭᠤᠸ ᠴᠤᠤ᠄ ︽ᠲᠣᠰ ᠤᠳᠠᠭ᠎ᠠ ᠮᠠᠨ ᠤ ᠬᠡᠷᠡᠭᠯᠡᠵᠦ ᠪᠠᠶᠢᠭ᠎ᠠ ᠲᠣᠨᠣᠭᠯᠠᠯ ᠢ ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠪᠥᠬᠦ ᠣᠷᠣᠨ ᠤ ᠡᠯ᠎ᠡ ᠦᠨᠳᠦᠰᠦᠨ ᠱᠠᠲᠤᠨ ᠤ | ᠨᠢᠭᠡᠴᠡ ᠳᠤ ᠬᠠᠨᠳᠤᠭᠤᠯᠤᠨ ᠲᠥᠭᠡᠭᠡᠭᠰᠡᠨ ᠪᠠᠶᠢᠨ᠎ᠠ᠂ ᠰᠣᠷᠢᠯᠲᠠ ᠶᠢᠨ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠨᠢ ᠭᠤᠣᠯᠳᠠᠭᠤ ᠤᠯᠤᠰ ᠤᠨ ᠵᠢᠭᠡᠯᠡᠯᠭᠡ ᠶᠢᠨ ᠮᠡᠳᠡᠭᠡ ᠬᠤᠯᠪᠣᠭᠠᠨ ᠤ ᠲᠣᠨᠣᠭᠯᠠᠯ ᠪᠠ | ᠵᠢᠯᠣᠭᠤᠴᠢ ᠦᠭᠡᠢ ᠨᠢᠰᠬᠡᠯ ᠳᠤ ᠲᠦᠰᠢᠭᠯᠡᠭᠰᠡᠨ ᠶᠤᠮ᠃ ᠵᠢᠯᠣᠭᠤᠴᠢ ᠦᠭᠡᠢ ᠨᠢᠰᠬᠡᠯ ᠢᠶᠠᠷ ᠪᠠᠶᠢᠴᠠᠭᠠᠬᠤ ᠪᠠ ᠭᠠᠯ | ᠤᠨᠲᠠᠷᠠᠭᠠᠬᠤ ᠪᠥᠮᠪᠦᠭᠡ ᠶᠢ ᠨᠠᠷᠢᠯᠢᠭ ᠣᠨᠣᠴᠠᠲᠠᠢ ᠪᠠᠷ ᠲᠠᠯᠪᠢᠬᠤ ᠵᠢᠨᠥᠨᠳᠥᠷ ᠪᠦᠲᠦᠮᠵᠢᠲᠦ ᠴᠢᠨᠠᠷ ᠨᠢ ᠪᠠᠴᠢᠮ ᠪᠠᠶᠢᠳᠠᠯ ᠢ | ᠠᠷᠭᠠᠴᠠᠬᠤ ᠮᠡᠳᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | | ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠪᠠᠶᠠᠬᠠᠭᠤᠯᠠ | ᠳᠤᠮᠳᠠ ᠠᠩᠭᠢ ᠶᠢᠨ ᠳᠠᠷᠤᠭ᠎ᠠ ᠬᠤᠸᠠᠩ ᠶᠢᠨ᠄ ︽ᠥᠨᠥᠳᠥᠷ ᠪᠢᠳᠡᠨ ᠤ ᠳᠡᠯᠭᠡᠨ ᠦᠵᠡᠭᠦᠯᠵᠦ ᠪᠠᠶᠢᠭ᠎ᠠ ᠣᠨᠣᠭᠯᠠᠯ ᠳᠤ | ᠭᠠᠯ ᠤᠨᠲᠠᠷᠠᠭᠠᠬᠤ ᠲᠦᠷᠦᠯ ᠤᠨ ᠲᠣᠨᠣᠭᠯᠠᠯ᠂ ᠤᠰᠤᠨ ᠤ ᠲᠦᠷᠦᠯ ᠤᠨ ᠲᠣᠨᠣᠭᠯᠠᠯ᠂ ᠪᠠᠰᠠ ᠭᠠᠵᠠᠷ ᠬᠥᠳᠡᠯᠦᠯᠲᠡ᠂ | ᠮᠡᠳᠡᠭᠡ ᠬᠤᠯᠪᠣᠭᠠᠨ ᠤ ᠲᠣᠨᠣᠭᠯᠠᠯ ᠵᠡᠷᠭᠡ ᠪᠠᠭᠲᠠᠵᠣ᠂ ᠡᠳᠡᠭᠡᠷ ᠵᠡᠪᠰᠡᠭ ᠲᠣᠨᠣᠭᠯᠠᠯ ᠢ ᠠᠰᠢᠭᠯᠠᠯᠲᠠ ᠳᠤ ᠣᠷᠣᠭᠤᠯᠬᠤ ᠨᠢ | ᠮᠠᠨ ᠤ ᠠᠪᠤᠷᠠᠨ ᠲᠤᠰᠠᠯᠠᠬᠤ ᠴᠢᠳᠠᠪᠤᠷᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ︾ ᠭᠡᠯᠡ᠃ |