4 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠠᠮᠢᠳᠤ ᠮᠠᠯ ᠤᠨ | ᠠᠷᠠᠯᠵᠢᠶᠠᠨ ᠤ ᠵᠠᠬ᠎ᠠ 2025 ᠣᠨ ᠤ ᠠᠩᠬᠠᠳᠠᠭᠴᠢ ᠤᠳᠠᠭᠠᠨ ᠤ ᠠᠷᠠᠯᠵᠢᠶ᠎ᠠ ᠪᠠᠨ ᠤᠭᠳᠤᠯ᠎ᠠ᠃ | ᠤᠶᠢᠷ᠎ᠠ ᠶᠢᠨ ᠡᠲᠦᠷ᠂ ᠴᠠᠭ ᠠᠭᠠᠷ ᠤᠨ ᠨᠦᠯᠦᠬᠡᠯᠡᠯ ᠠᠴᠠ ᠪᠤᠯᠵᠤ᠂ ᠵᠠᠮ ᠬᠠᠷᠢᠯᠴᠠᠭ᠎ᠠ ᠠᠨᠠᠶᠢᠬᠠᠨ ᠪᠠᠶᠢᠭᠰᠠᠨ | ᠪᠤᠯᠪᠠᠴᠤ᠂ ᠭᠤᠷᠣᠬᠠᠨ ᠪᠠᠯᠭᠠᠰᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠪᠤᠯᠵᠤᠭ᠎ᠠ ᠶᠤᠰᠤᠭᠠᠷ ᠠᠷᠠᠯᠵᠢᠶ᠎ᠠ ᠪᠠᠨ | ᠡᠬᠢᠯᠡᠬᠦᠯᠵᠦ᠂ ᠤᠶᠢᠷ᠎ᠠ ᠬᠠᠪᠢ ᠶᠢᠨ ᠮᠠᠯᠴᠢᠳ ᠤᠨ 200 ᠭᠠᠷᠤᠢ ᠮᠠᠯ ᠤᠨᠤᠭ᠎ᠠ ᠢᠷᠡᠵᠦ᠂ ᠠᠬᠤᠢ ᠲᠠᠯᠠᠪᠠᠢ ᠳᠤ | ᠬᠠᠷᠠᠮᠥ᠋ᠷᠡᠨ᠂ ᠾᠧᠪᠧᠢ᠂ ᠲᠦᠩᠯᠢᠶᠣᠣ ᠵᠡᠷᠭᠡ ᠭᠠᠵᠠᠷ ᠤᠷᠤᠨ ᠠᠴᠠ ᠢᠷᠡᠭᠰᠡᠨ ᠬᠤᠳᠠᠯᠳᠤᠭᠠᠴᠢᠳ ᠮᠠᠯᠴᠢᠳ ᠲᠠᠢ ᠦᠨ᠎ᠡ | ᠬᠠᠩᠰᠢ ᠬᠠᠶᠠᠯᠴᠠᠨ ᠮᠠᠰᠢ ᠬᠦᠭᠵᠢᠶᠡᠨᠲᠠᠢ ᠪᠠᠶᠢᠯ᠎ᠠ᠃ | ᠤᠯᠠᠭᠠᠨ ᠬᠠᠭᠠᠯᠭ᠎ᠠ ᠰᠤᠮᠤᠨ ᠤ ᠢᠯᠠᠯᠲᠠ ᠭᠠᠴᠠᠭᠠᠨ ᠤ ᠮᠠᠯᠴᠢᠨ ᠡᠩᠬᠡᠮᠡᠨᠳᠦ ᠡᠨᠡ ᠥᠷᠯᠥᠭᠡ ᠡᠷᠳᠡᠯᠡᠨ ᠢᠷᠡᠵᠦ᠂ | 12 ᠲᠠᠭ᠎ᠠ ᠠᠪᠴᠢᠷᠠᠨ᠂ ᠬᠡᠳᠦᠬᠡᠨ ᠴᠠᠭ ᠤᠨ ᠲᠤᠳᠤᠷ᠎ᠠ᠂ ᠠᠪᠴᠢᠷᠠᠭᠰᠠᠨ ᠲᠠᠭ᠎ᠠ ᠪᠠᠨ ᠬᠠᠨᠤᠮᠵᠢᠲᠠᠢ ᠦᠨ᠎ᠡ ᠪᠠᠷ | ᠬᠤᠳᠠᠯᠳᠤᠭᠰᠠᠨ ᠳᠤ ᠪᠠᠨ ᠲᠤᠩ ᠪᠠᠶᠠᠷᠲᠠᠢ ᠪᠠᠶᠢᠯ᠎ᠠ᠃ | ᠭᠤᠷᠣᠬᠠᠨ ᠪᠠᠯᠭᠠᠰᠤᠨ ᠤ ᠬᠦᠳᠡᠭᠡᠨᠠᠭᠤᠷ ᠭᠠᠴᠠᠭᠠᠨ ᠤ ᠮᠠᠯᠴᠢᠨ ᠶᠠᠩ ᠰᠢᠤᠸᠠᠢ ᠸᠧᠢ ᠴᠦ ᠦᠨᠦᠳᠦᠷ 7 ᠡᠷ᠎ᠡ | ᠪᠢᠷᠠᠭᠤ ᠠᠪᠴᠢᠷᠠᠭᠠᠳ᠂ ᠲᠡᠭᠰᠢᠳᠬᠡᠭᠡᠳ 8000 ᠲᠦᠭᠦᠷᠢᠭ ᠢᠶᠠᠷ ᠬᠤᠳᠠᠯᠳᠤᠭᠰᠠᠨ ᠳᠤ ᠪᠠᠨ ᠰᠡᠳᠬᠢᠯ ᠬᠠᠩᠬᠤᠯᠤᠭᠤᠨ | ᠶᠠᠪᠤᠨ᠎ᠠ᠃ | ᠪᠡᠯᠴᠢᠭᠡᠷ ᠤᠨ ᠲᠠᠭᠠᠭᠠᠴᠨ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠪᠦᠳᠦᠮᠵᠢᠲᠠᠢ ᠠᠷᠭ᠎ᠠ ᠵᠠᠮ | ᠤᠨ ᠨᠢᠭᠡ ᠪᠤᠯᠤᠭᠰᠠᠨ ᠲᠤᠰ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠦᠬᠡᠷ᠂ ᠮᠣᠷᠢ᠂ ᠬᠤᠨᠢᠨ ᠤ ᠠᠷᠠᠯᠵᠢᠶ᠎ᠠ ᠪᠠᠷ | ᠭᠤᠣᠯ ᠪᠣᠯᠭᠠᠵᠤ᠂ ᠪᠠᠷᠤᠭ 3000 ᠤᠷᠴᠢᠮ ᠪᠤᠳᠠ ᠮᠠᠯ ᠢ ᠪᠠᠭᠳᠠᠭᠠᠵᠤ ᠲᠡᠶᠢᠯᠳᠡᠭ᠃ 2024 ᠣᠨ ᠳᠤ᠂ ᠲᠤᠰ | ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ 29500 ᠲᠣᠯᠣᠭᠠᠢ ᠪᠤᠳᠠ ᠮᠠᠯ ᠠᠷᠠᠯᠵᠢᠶᠠᠯᠠᠭᠰᠠᠨ ᠪᠠᠶᠢᠨ᠎ᠠ᠃ ᠠᠮᠢᠳᠤ ᠮᠠᠯ | ᠤᠨ ᠠᠷᠠᠯᠵᠢᠶᠠᠨ ᠤ ᠵᠠᠬ᠎ᠠ ᠶᠢᠨ ᠳᠥᠭᠦᠮ ᠳᠥᠲᠡ ᠵᠠᠮ ᠬᠠᠷᠢᠯᠴᠠᠭ᠎ᠠ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠᠷ | ᠲᠠᠮᠵᠢᠭᠤᠯᠤᠨ᠂ ᠭᠠᠷᠠᠭ ᠪᠦᠷᠢ ᠶᠢᠨ ᠭᠠᠷᠠᠭ ᠤᠨ ᠭᠤᠷᠪᠠᠨ᠂ ᠭᠠᠷᠠᠭ ᠤᠨ ᠵᠢᠷᠭᠤᠭᠠᠨ ᠳᠤ ᠴᠢᠨᠠᠷ ᠰᠠᠶᠢᠲᠠᠢ ᠠᠮᠢᠳᠤ ᠮᠠᠯ ᠤᠨ | ᠠᠷᠠᠯᠵᠢᠶᠠᠨ ᠤ ᠦᠢᠯᠡᠴᠢᠯᠡᠭᠡ ᠶᠢ ᠬᠠᠩᠭᠠᠵᠤ᠂ ᠮᠠᠯᠴᠢᠨ ᠲᠦᠮᠡᠨ ᠳᠤ ᠦᠷ᠎ᠡ ᠠᠰᠢᠭ ᠦᠨᠳᠦᠷ᠂ ᠦᠪᠡᠷ ᠤᠨ ᠦᠷᠳᠡᠭ | ᠲᠤᠤᠷ᠎ᠠ ᠠᠮᠢᠳᠤ ᠮᠠᠯ ᠤᠨ ᠰᠤᠯᠢᠯᠴᠠᠭᠠᠨ ᠤ ᠲᠠᠪᠴᠠᠩ ᠵᠢᠴᠢ ᠢᠯᠡ ᠲᠤᠳᠤ ᠵᠠᠬ᠎ᠠ ᠲᠡᠯᠭᠡᠭᠦᠷ ᠤᠨ ᠦᠨ᠎ᠡ ᠬᠠᠩᠰᠢ ᠶᠢ ᠴᠠᠭ | ᠲᠤᠬᠠᠢ ᠳᠤ ᠨᠢ ᠤᠶᠢᠯᠠᠭᠠᠭᠤᠯᠵᠤ᠂ ᠮᠠᠯᠴᠢᠳ ᠪᠤᠯᠤᠨ ᠬᠤᠳᠠᠯᠳᠤᠭᠠᠴᠢᠳ ᠤᠨ ᠬᠤᠭᠤᠷᠤᠨᠳᠤ ᠬᠦᠬᠦᠷᠭᠡ ᠬᠤᠯᠪᠤᠭᠠᠰᠤ | ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ ᠨᠡᠩ ᠴᠦ ᠮᠠᠯᠴᠢᠳ ᠤᠨ ᠮᠠᠯ ᠤᠨ ᠭᠠᠷᠭᠠᠯᠲᠠ ᠳᠤ | ᠤᠯᠠᠨ ᠶᠠᠩᠵᠤ ᠶᠢᠨ ᠪᠤᠷᠤᠯᠠᠭᠤᠯᠭ᠎ᠠ ᠶᠢᠨ ᠠᠷᠭ᠎ᠠ ᠵᠠᠮ ᠢ ᠬᠠᠩᠭᠠᠵᠤ᠂ ᠮᠠᠯ ᠤᠨ ᠭᠠᠷᠭᠠᠯᠲᠠ ᠬᠦᠴᠢᠷ ᠪᠠᠶᠢᠬᠤ ᠠᠰᠠᠭᠤᠳᠠᠯ | ᠢ ᠤᠯᠠᠮ ᠴᠢᠨᠠᠭᠰᠢᠲᠠ ᠰᠢᠢᠳᠪᠦᠷᠢᠯᠡᠵᠦ᠂ ᠲᠤᠬᠠᠢ ᠶᠢᠨ ᠭᠠᠵᠠᠷ ᠵᠢᠴᠢ ᠡᠷᠬᠢᠨ ᠲᠤᠭᠤᠷᠢᠨ ᠤ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠪᠤᠷᠤᠯᠠᠭᠤᠯᠭ᠎ᠠ ᠶᠢ ᠠᠬᠢᠭᠤᠯᠤᠨ᠂ ᠮᠠᠯᠴᠢᠳ ᠤᠨ ᠮᠠᠯᠵᠢᠯ ᠤᠨ ᠤᠷᠤᠯᠭ᠎ᠠ ᠶᠢ ᠨᠡᠮᠡᠭᠳᠡᠬᠦᠯᠵᠠᠢ᠃ | ᠠᠷᠠᠯᠵᠢᠶ᠎ᠠ ᠳᠠᠭᠤᠰᠤᠭᠰᠠᠨ ᠤ ᠳᠠᠷᠠᠭ᠎ᠠ᠂ ᠭᠤᠷᠤᠬᠠᠨ ᠪᠠᠯᠭᠠᠰᠤᠨ ᠤ ᠪᠠᠶᠠᠠᠳᠡᠯ ᠭᠠᠴᠠᠭᠠᠨ ᠤ ᠨᠠᠮ ᠤᠨ ᠡᠭᠦᠷ ᠤᠨ | ᠱᠦᠵᠢ ᠠᠴᠠ ᠭᠤᠷᠤᠬᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠬᠠᠷᠢᠭᠤᠴᠠᠯᠭᠠᠲᠠᠨ ᠳᠤ ᠬᠡᠮᠡᠷᠯᠢᠭ ᠲᠤᠭ ᠬᠦᠷᠭᠡᠵᠦ᠂ | ᠭᠤᠷᠤᠬᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠦᠷᠭᠡᠨ ᠤᠯᠠᠨ ᠮᠠᠯᠴᠢᠳ ᠲᠤ ᠬᠠᠩᠭᠠᠭᠰᠠᠨ ᠰᠢᠯᠢᠳᠡᠭ | ᠦᠢᠯᠡᠴᠢᠯᠡᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠣᠷᠣᠨ ᠨᠤᠲᠤᠭ ᠤᠨ ᠠᠵᠤ ᠠᠬᠤᠢ ᠶᠢ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ | ᠠᠮᠢᠳᠤ ᠮᠠᠯ ᠤᠨ ᠠᠷᠠᠯᠵᠢᠶᠠᠨ ᠤ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠦᠨ᠂ ᠮᠠᠯ ᠠᠵᠤ ᠠᠬᠤᠢ ᠶᠢᠨ ᠪᠣᠷᠤᠯᠠᠭᠤᠯᠭ᠎ᠠ ᠶᠢᠨ ᠳᠤᠲᠠᠭᠤᠳᠠᠯ ᠢ ᠨᠦᠬᠦᠪᠦᠷᠢᠯᠡᠭᠰᠡᠨ ᠢᠶᠠᠷ ᠪᠠᠷᠠᠬᠤ ᠦᠭᠡᠢ | ᠪᠡᠯᠴᠢᠭᠡᠷ ᠤᠨ ᠲᠠᠭᠠᠭᠠᠴᠨ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠨᠠᠮᠳᠠᠭᠤᠯᠵᠤ᠂ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠭᠡᠭᠦ ᠬᠤᠭᠤᠴᠠᠭᠠᠨ ᠳᠠᠬᠢ ᠮᠠᠯᠵᠢᠬᠤ ᠡᠷᠦᠬᠡ ᠶᠢᠨ ᠲᠠᠷᠤᠭᠠᠰᠤ ᠶᠢ ᠬᠦᠩᠭᠡᠷᠡᠬᠦᠯᠵᠦ᠂ ᠦᠢᠯᠡᠳᠪᠦᠷᠢᠯᠡᠯ | ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠮᠠᠯ ᠠᠵᠤ ᠠᠬᠤᠢ | ᠶᠢᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ ᠪᠡᠶᠡᠯᠡᠬᠦᠯᠦᠨ᠂ | ᠭᠠᠵᠠᠷ ᠣᠷᠣᠨ ᠤ ᠮᠠᠯ ᠠᠵᠤ ᠠᠬᠤᠢ ᠶᠢᠨ ᠦᠷᠬᠦᠯᠵᠢᠯᠡᠬᠦᠶᠢᠴᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ | ᠨᠡᠮᠡᠷᠢᠯᠡᠵᠡᠢ᠃ | ᠮᠠᠯᠴᠢᠨ ᠶᠠᠩ ᠰᠢᠤᠸᠠᠢ ᠸᠧᠢ᠄ ︽ᠦᠨᠦᠳᠦᠷ 7 ᠡᠷ᠎ᠡ ᠪᠢᠷᠠᠭᠤ ᠪᠠᠨ ᠲᠡᠭᠰᠢᠳᠭᠡᠭᠡᠳ 8000 ᠲᠦᠭᠦᠷᠢᠭ ᠢᠶᠠᠷ | ᠬᠤᠳᠠᠯᠳᠤᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ ᠨᠢᠳᠤᠨᠤᠨ ᠵᠢᠯ ᠢ ᠪᠤᠳᠤᠪᠠᠯ ᠦᠨ᠎ᠡ ᠬᠠᠩᠰᠢ ᠨᠢ 3000 ᠭᠠᠷᠤᠢ | ᠲᠦᠭᠦᠷᠢᠭ ᠨᠡᠮᠡᠭᠳᠡᠵᠠᠢ᠃ ᠮᠠᠰᠢ ᠬᠠᠨᠤᠮᠵᠢᠲᠠᠢ ᠪᠠᠶᠢᠨ᠎ᠠ︾ ᠭᠡᠯᠡ᠃ | | |