ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ᠂ ᠰᠤᠪᠢᠯᠠᠯᠲᠠ ᠶᠢᠨ ᠬᠡᠯᠲᠡᠰ ᠤᠨ | ᠡᠷᠬᠢᠯᠡᠭᠴᠢ ᠪᠦᠷᠢᠨᠴᠡᠴᠡᠭ ᠭᠠᠷ ᠤᠲᠠᠰᠤᠨ ᠳᠡᠭᠡᠷ᠎ᠡ ᠪᠠᠨ ᠨᠢᠭᠡᠨ ᠰᠢᠨ᠎ᠡ ᠵᠠᠬᠢᠶᠠᠯᠠᠭ᠎ᠠ ᠲᠣᠰᠪᠠ᠃ ᠤᠤᠯ ᠨᠢ ᠥᠭᠡᠳᠡᠯᠡᠬᠦ | ᠨᠠᠰᠣᠲᠠᠨ ᠴᠢᠮᠦᠭᠡᠨ ᠲᠣᠯᠣᠭᠠᠢ ᠰᠣᠯᠢᠬᠤ ᠮᠡᠰᠡ ᠵᠠᠰᠠᠯ ᠬᠢᠵᠦ ᠪᠠᠷᠠᠭᠠᠳ᠂ ᠬᠥᠳᠡᠯᠵᠦ ᠪᠠᠷᠢᠬᠤ ᠳᠤ ᠳᠥᠭᠦᠮ ᠦᠭᠡᠢ ᠪᠣᠯᠵᠤ | ᠂ ᠡᠮᠨᠡᠯᠭᠡ ᠳᠤ ᠬᠦᠷᠴᠦ ᠠᠷᠢᠭᠤᠳᠬᠠᠨ ᠡᠮ ᠰᠣᠯᠢᠬᠤ ᠳᠤ ᠬᠦᠴᠢᠷᠲᠠᠢ ᠪᠠᠶᠢᠵᠤ᠂ ᠰᠤᠪᠢᠯᠠᠭᠴᠢ ᠵᠠᠬᠢᠶᠠᠯᠠᠭ᠎ᠠ ᠪᠠᠷ | ᠡᠪᠡᠳᠴᠢᠲᠡᠨ ᠤ ᠭᠡᠷ ᠲᠤ ᠨᠢ ᠬᠦᠷᠴᠦ᠂ ᠡᠪᠡᠳᠴᠢᠲᠡᠨ ᠤ ᠪᠠᠶᠢᠳᠠᠯ ᠢ ᠦᠨᠡᠯᠡᠨ ᠵᠢᠱᠢᠵᠦ᠂ ᠠᠷᠢᠭᠤᠳᠬᠠᠬᠤ᠂ ᠡᠮ ᠰᠣᠯᠢᠬᠤ | ᠵᠡᠷᠭᠡ ᠠᠵᠢᠯ ᠢ ᠬᠢᠭᠰᠡᠨ ᠪᠥᠭᠡᠳ ᠪᠠᠰᠠ ᠠᠩᠬᠠᠷᠬᠤ ᠵᠦᠢᠯ ᠤᠳ ᠢ ᠲᠠᠶᠢᠯᠪᠤᠷᠢᠯᠠᠳᠠᠭ ᠪᠠᠶᠢᠨ᠎ᠠ᠃ | ᠰᠤᠪᠢᠯᠠᠭᠴᠢ ᠡᠪᠡᠳᠴᠢᠲᠡᠨ ᠤ ᠭᠡᠷ ᠲᠤ ᠬᠦᠷᠴᠦ᠂ ᠨᠠᠰᠣᠲᠠᠨ ᠤ ᠪᠡᠶ᠎ᠡ ᠶᠢᠨ ᠪᠠᠶᠢᠳᠠᠯ ᠳᠤ ᠨᠠᠷᠢᠨ ᠨᠢᠮᠪᠠᠢ ᠦᠨᠡᠯᠡᠯᠲᠡ | ᠬᠢᠵᠦ᠂ ᠳᠠᠷᠠᠭ᠎ᠠ ᠨᠢ ᠠᠷᠢᠭᠤᠳᠬᠠᠬᠤ᠂ ᠡᠮ ᠰᠣᠯᠢᠬᠤ ᠠᠵᠢᠯ ᠢ ᠬᠢᠪᠡ᠃ ᠡᠨᠡ ᠬᠦ ᠶᠠᠪᠤᠴᠠ ᠳᠤ ᠰᠤᠪᠢᠯᠠᠭᠴᠢ ᠠᠴᠠ ᠪᠠᠰᠠ | ᠡᠷᠡᠭᠦᠯᠵᠢᠬᠦ ᠳᠤ ᠠᠩᠬᠠᠷᠬᠤ ᠵᠦᠢᠯ ᠢ ᠬᠦᠯᠢᠴᠡᠩᠭᠦᠢ ᠪᠠᠷ ᠲᠠᠶᠢᠯᠪᠤᠷᠢᠯᠠᠨ᠂ ᠲᠤᠰᠬᠠᠢ ᠮᠡᠷᠭᠡᠵᠢᠯ ᠤᠨ ᠪᠥᠭᠡᠳ ᠳᠣᠲᠣᠨᠣ | ᠦᠢᠯᠡᠴᠢᠯᠡᠭᠡ ᠨᠢ ᠨᠠᠰᠣᠲᠠᠨ ᠪᠣᠯᠣᠨ ᠭᠡᠷ ᠤᠨ ᠬᠦᠮᠦᠰ ᠤᠨ ᠬᠢᠨᠢ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | ᠪᠦᠷᠢᠨᠴᠡᠴᠡᠭ ᠡᠷᠬᠢᠯᠡᠭᠴᠢ᠄ ︽︿ᠢᠨᠲ᠋ᠧᠷ ᠰᠦᠯᠵᠢᠶ᠎ᠡ + ᠰᠤᠪᠢᠯᠠᠯᠲᠠ﹀ ᠶᠢᠨ ᠠᠴᠢ ᠬᠤᠯᠪᠣᠭᠳᠠᠯ ᠨᠢ᠂ ᠡᠪᠡᠳᠴᠢᠲᠡᠨ | ᠡᠨᠡ ᠬᠦ ᠦᠢᠯᠡᠴᠢᠯᠡᠭᠡ ᠪᠠᠷ ᠳᠠᠮᠵᠢᠨ ᠭᠡᠷ ᠲᠡᠭᠡᠨ ᠰᠠᠭᠤᠵᠤ ᠪᠠᠶᠢᠭᠠᠳ ᠡᠮᠨᠡᠯᠭᠡ ᠶᠢᠨ ᠬᠤᠷᠢᠶᠠᠨ ᠳᠤ ᠬᠦᠷᠦᠭᠰᠡᠨ ᠲᠠᠢ | ᠠᠳᠠᠯᠢᠬᠠᠨ ᠴᠢᠨᠠᠷ ᠰᠠᠶᠢᠲᠠᠢ᠂ ᠲᠤᠰᠬᠠᠢ ᠮᠡᠷᠭᠡᠵᠢᠯ ᠤᠨ ᠰᠤᠪᠢᠯᠠᠯᠲᠠ ᠶᠢᠨ ᠦᠢᠯᠡᠴᠢᠯᠡᠭᠡ ᠶᠢ ᠬᠦᠷᠲᠡᠵᠦ ᠴᠢᠳᠠᠬᠤ | ᠪᠣᠯᠣᠭᠰᠠᠨ ᠢᠶᠠᠷ ᠲᠤᠰ ᠦᠢᠯᠡᠴᠢᠯᠡᠭᠡ ᠨᠢ ᠠᠷᠠᠳ ᠲᠤ ᠲᠦᠭᠦᠮ ᠦᠵᠡᠭᠦᠯᠵᠦ᠂ ᠠᠷᠠᠳ ᠲᠤ ᠠᠰᠢᠭ ᠬᠦᠷᠲᠡᠭᠡᠬᠦ ᠶᠢ | ᠦᠨᠡᠨᠬᠦ ᠪᠡᠶᠡᠯᠡᠭᠦᠯᠵᠤ ᠪᠠᠶᠢᠨ᠎ᠠ︾ ᠭᠡᠵᠦ ᠪᠠᠶᠠᠷᠲᠠᠢ ᠶᠠᠷᠢᠪᠠ᠃ | ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ | ᠴᠤᠤᠷᠢᠶᠠᠲᠤᠨ ᠳᠠᠭᠠᠬᠤ ᠶᠢᠨ ᠲᠣᠯᠠᠳᠠ᠂ 3 ᠰᠠᠷ᠎ᠠ ᠶᠢᠨ 10 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶ᠎ᠠ ︽ᠢᠨᠲ᠋ᠧᠷ ᠰᠦᠯᠵᠢᠶ᠎ᠡ + ᠰᠣᠪᠢᠯᠠᠯᠲᠠ︾ ᠶᠢᠨ ᠦᠢᠯᠡᠴᠢᠯᠡᠭᠡ ᠶᠢ ᠵᠢᠩᠬᠢᠨᠢ ᠪᠠᠷ ᠨᠡᠭᠡᠭᠡᠵᠦ᠂ | ᠢᠨᠲ᠋ᠧᠷ ᠰᠦᠯᠵᠢᠶᠡᠨ ᠤ ᠲᠠᠪᠴᠠᠩ ᠢ ᠠᠰᠢᠭᠯᠠᠨ᠂ ︽ᠰᠦᠯᠵᠢᠶᠡᠨ ᠳᠡᠭᠡᠷ᠎ᠡ ᠪᠣᠯᠵᠣᠬᠤ + ᠰᠦᠯᠵᠢᠶᠡᠨ ᠭᠠᠳᠠᠨ᠎ᠠ | ᠦᠢᠯᠡᠴᠢᠯᠡᠬᠦ︾ ᠪᠠᠷ ᠭᠤᠣᠯ ᠵᠠᠭᠪᠤᠷ ᠪᠣᠯᠭᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠯᠡᠵᠦ᠂ | ᠬᠦᠴᠢᠷ ᠵᠣᠪᠠᠭᠤᠷᠢ ᠶᠢ ᠪᠠᠭᠠᠰᠬᠠᠨ᠂ ᠰᠤᠪᠢᠯᠠᠯᠲᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ | ᠵᠣᠷᠢᠵᠠᠢ᠃ ᠦᠢᠯᠡᠴᠢᠯᠡᠭᠡᠨ ᠤ ᠵᠦᠢᠯᠡᠰ ᠲᠤ ᠨᠠᠮᠵᠢᠭᠤᠨ ᠰᠤᠳᠠᠯ ᠠᠴᠠ ᠴᠢᠰᠤ ᠠᠪᠬᠤ᠂ ᠦᠯᠢᠭᠡᠷ ᠠᠪᠬᠤ᠂ ᠮᠣᠩᠭᠤᠯ | ᠡᠮᠨᠡᠯᠭᠡ ᠶᠢᠨ ᠣᠨᠴᠠᠯᠢᠭᠲᠣ ᠰᠣᠪᠢᠯᠠᠯᠲᠠ᠂ ᠬᠢᠲᠠᠳ ᠡᠮᠨᠡᠯᠭᠡ ᠶᠢᠨ ᠹᠢᠽᠢᠺ ᠵᠠᠰᠠᠯ ᠵᠡᠷᠭᠡ ᠣᠯᠠᠨ ᠵᠦᠢᠯ ᠤᠨ ᠰᠤᠪᠢᠯᠠᠯᠲᠠ | ᠶᠢᠨ ᠦᠢᠯᠡᠴᠢᠯᠡᠭᠡ ᠶᠢ ᠬᠠᠮᠤᠷᠴᠤ᠂ ᠡᠪᠡᠳᠴᠢᠲᠡᠨ ᠤ ᠣᠯᠠᠨ ᠶᠠᠩᠵᠤ ᠶᠢᠨ ᠰᠤᠪᠢᠯᠠᠯᠲᠠ ᠶᠢᠨ ᠬᠡᠷᠡᠭᠴᠡᠭᠡ ᠶᠢ ᠬᠠᠩᠭᠠᠬᠤ | ᠪᠣᠯᠣᠨ᠎ᠠ᠃ | ︽︿ᠲᠣᠰ ᠢᠨᠲ᠋ᠧᠷ ᠰᠦᠯᠵᠢᠶ᠎ᠡ + ᠰᠤᠪᠢᠯᠠᠯᠲᠠ﹀ ᠶᠢᠨ ᠦᠢᠯᠡᠴᠢᠯᠡᠭᠡ ᠨᠢ ᠳᠦᠭᠦᠮ᠂ ᠮᠢᠨᠤ ᠬᠥᠯ ᠭᠠᠷ ᠳᠥᠭᠦᠮ | ᠦᠭᠡᠢ᠂ ᠰᠤᠪᠢᠯᠠᠭᠴᠢ ᠭᠡᠷ ᠲᠤ ᠢᠷᠡᠵᠦ ᠠᠷᠢᠭᠤᠳᠬᠠᠨ ᠡᠮ ᠰᠣᠯᠢᠵᠤ ᠥᠭᠳᠡᠭ᠂ ᠦᠢᠯᠡᠴᠢᠯᠡᠭᠡ ᠨᠢ ᠲᠤᠰᠬᠠᠢ | ᠮᠡᠷᠭᠡᠵᠢᠯ ᠤᠨ ᠮᠥᠷᠲᠡᠭᠡᠨ ᠪᠦᠷᠢᠨ ᠭᠦᠢᠴᠡᠳ᠂ ᠡᠮᠨᠡᠯᠭᠡ ᠶᠢᠨ ᠬᠤᠷᠢᠶᠠᠨ ᠳᠤ ᠣᠴᠢᠬᠤ ᠬᠡᠷᠡᠭ ᠦᠭᠡᠢ ᠪᠣᠯᠵᠠᠢ︾ ᠭᠡᠵᠦ | ᠥᠭᠡᠳᠡᠯᠡᠬᠦ ᠨᠠᠰᠣᠲᠠᠨ ᠶᠠᠷᠢᠵᠣ ᠪᠠᠶᠢᠯ᠎ᠠ᠃ ᠲᠣᠰ ᠦᠢᠯᠡᠴᠢᠯᠡᠭᠡ ᠶᠢ ᠭᠤᠣᠯᠳᠠᠭᠤ ᠡᠮᠨᠡᠯᠭᠡ ᠠᠴᠠ ᠭᠠᠷᠤᠭᠰᠠᠨ ᠤ ᠳᠠᠷᠠᠭ᠎ᠠ | ᠪᠠᠰᠠ ᠰᠤᠪᠢᠯᠠᠬᠤ ᠴᠢᠬᠤᠯᠠᠲᠠᠢ ᠡᠪᠡᠳᠴᠢᠲᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠡᠪᠡᠳᠴᠢᠲᠡᠨ᠂ ᠡᠷᠡᠭᠦᠯᠵᠢᠯ ᠤᠨ | ᠬᠤᠭᠤᠴᠠᠭᠠᠨ ᠤ ᠡᠪᠡᠳᠴᠢᠲᠡᠨ ᠵᠢᠴᠢ ᠪᠤᠰᠤᠳ ᠭᠡᠷ ᠲᠡᠭᠡᠨ ᠰᠤᠪᠢᠯᠠᠬᠤ ᠱᠠᠭᠠᠷᠳᠠᠯᠭ᠎ᠠ ᠲᠠᠢ ᠬᠥᠮᠥᠰ ᠲᠤ ᠵᠣᠷᠢᠭᠤᠯᠣᠭᠰᠠᠨ | ᠪᠠᠶᠢᠨ᠎ᠠ᠃ | ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶᠠᠨ ᠠᠴᠠ ᠰᠤᠪᠢᠯᠠᠭᠴᠢ ᠨᠢᠭᠡᠪᠦᠷᠢ ᠶᠢ ᠱᠠᠲᠤ ᠱᠠᠲᠤ ᠪᠠᠷ ᠰᠢᠯᠢᠨ ᠰᠣᠩᠭᠤᠵᠤ᠂ ᠴᠢᠩᠭ᠎ᠠ | ᠪᠣᠯᠪᠠᠰᠤᠷᠠᠭᠤᠯᠬᠤ ᠶᠢᠨ ᠬᠠᠮᠲᠤ ᠬᠢᠨᠠᠨ ᠰᠢᠯᠭᠠᠯᠲᠠ ᠬᠢᠭᠰᠡᠨ ᠪᠠᠶᠢᠨ᠎ᠠ᠃ ᠦᠢᠯᠡᠴᠢᠯᠡᠭᠡ ᠬᠠᠩᠭᠠᠬᠤ ᠰᠤᠪᠢᠯᠠᠭᠴᠢ ᠨᠢ ᠴᠥᠮ | 5 ᠵᠢᠯ ᠠᠴᠠ ᠳᠡᠭᠡᠭᠰᠢᠬᠢ ᠡᠮᠴᠢᠯᠡᠭᠡᠨ ᠤ ᠰᠤᠪᠢᠯᠠᠯᠲᠠ ᠶᠢᠨ ᠠᠵᠢᠯ ᠤᠨ ᠲᠤᠷᠰᠢᠯᠭ᠎ᠠ ᠲᠠᠢ ᠪᠠᠶᠢᠵᠤ᠂ ᠰᠤᠪᠢᠯᠠᠭᠴᠢ ᠵᠢᠴᠢ | ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠪᠠᠰᠠ ᠢᠨᠲ᠋ᠧᠷ | ᠰᠦᠯᠵᠢᠶᠡᠨ ᠤ ᠰᠤᠪᠢᠯᠠᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠲᠤᠰᠬᠠᠶᠢᠯᠠᠨ ᠪᠠᠶᠢᠭᠤᠯᠵᠤ᠂ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠷᠢᠶᠠᠨ ᠳᠠᠬᠢ ᠰᠢᠯᠢᠳᠡᠭ ᠰᠤᠪᠢᠯᠠᠭᠴᠢ ᠶᠢᠨ ᠲᠠᠪᠴᠠᠩ ᠢ ᠲᠦᠰᠢᠭᠯᠡᠨ | ᠂ ᠡᠪᠡᠳᠴᠢᠲᠡᠨ ᠳᠤ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃ | ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ︽ᠢᠨᠲ᠋ᠧᠷ ᠰᠦᠯᠵᠢᠶ᠎ᠡ + | ᠰᠤᠪᠢᠯᠠᠯᠲᠠ︾ ᠶᠢᠨ ᠦᠢᠯᠡᠴᠢᠯᠡᠭᠡ ᠶᠢ 3 ᠰᠠᠷ᠎ᠠ ᠠᠴᠠ ᠡᠬᠢᠯᠡᠨ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ | ᠨᠢᠭᠡᠨᠲᠡ 5 ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠶᠢ ᠪᠡᠶᠡᠯᠡᠭᠦᠯᠵᠡᠢ᠂ ᠲᠡᠷᠡ ᠨᠢ | ᠡᠪᠡᠳᠴᠢᠲᠡᠨ ᠤ ᠭᠡᠷ ᠲᠡᠭᠡᠨ ᠰᠣᠪᠢᠯᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ︽ | ᠡᠪᠡᠳᠴᠢᠲᠡᠨ ᠢᠶᠠᠷ ᠲᠥᠪ ᠪᠣᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠰᠤᠪᠢᠯᠠᠯᠲᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ | ᠡᠬᠢ ᠪᠠᠶᠠᠯᠢᠭ ᠢ ᠣᠷᠣᠨ ᠵᠠᠢ ᠶᠢᠨ ᠬᠢᠵᠠᠭᠠᠷᠯᠠᠯ ᠠᠴᠠ ᠳᠠᠪᠠᠭᠤᠯᠵᠤ᠂ ᠡᠪᠡᠳᠴᠢᠲᠡᠨ ᠤ ᠡᠷᠡᠭᠦᠯ ᠮᠡᠨᠳᠦ ᠶᠢ ᠬᠠᠮᠠᠭᠠᠯᠠᠵᠤ | ᠴᠢᠳᠠᠭᠰᠠᠨ ᠪᠠᠶᠢᠨ᠎ᠠ᠃ | ᠡᠪᠡᠳᠴᠢᠲᠡᠨ ᠤ ᠭᠡᠷ ᠤᠨ ᠬᠦᠮᠦᠨ ᠵᠦ ᡁᠢ ᠶᠣᠸᠠᠨ᠄ ︽ᠮᠠᠨ ᠤ ᠠᠪᠤ ᠬᠡᠪᠲᠡᠷᠢ ᠳᠤ | ᠣᠷᠣᠭᠠᠳ ᠭᠤᠷᠪᠠᠨ ᠵᠢᠯ ᠪᠣᠯᠵᠣ ᠪᠠᠶᠢᠨ᠎ᠠ᠂ ᠬᠥᠳᠡᠯᠵᠤ ᠪᠠᠷᠢᠬᠤ ᠨᠢ ᠳᠥᠭᠦᠮ ᠦᠭᠡᠢ ᠠᠴᠠ ᠡᠮᠨᠡᠯᠭᠡ ᠳᠤ ᠣᠴᠢᠵᠣ | ᠦᠵᠡᠭᠦᠯᠬᠦ ᠳᠤ ᠲᠤᠶᠢᠯ ᠤᠨ ᠲᠥᠪᠡᠭ ᠲᠠᠢ᠂ ᠣᠳᠣ︽ᠢᠨᠲ᠋ᠧᠷ ᠰᠦᠯᠵᠢᠶ᠎ᠡ + ᠰᠤᠪᠢᠯᠠᠯᠲᠠ︾ ᠵᠨ ᠦᠢᠯᠡᠴᠢᠯᠡᠭᠡ | ᠭᠠᠷᠣᠭᠰᠠᠨ ᠠᠴᠠ᠂ ᠰᠣᠪᠢᠯᠠᠭᠴᠢ ᠶᠢ ᠭᠠᠷᠤᠲᠠᠰᠤ ᠪᠠᠷ ᠵᠶ᠋ᠠᠨᠣᠷᠢᠳᠴᠢᠯᠠᠨ ᠪᠣᠯᠵᠣᠪᠠᠯ ᠭᠡᠷ ᠲᠤ ᠢᠷᠡᠵᠤ ᠰᠣᠪᠢᠯᠠᠯᠲᠠ ᠶᠢᠨ | ᠦᠢᠯᠡᠴᠢᠯᠡᠭᠡ ᠬᠠᠩᠭᠠᠬᠤ ᠪᠣᠯᠣᠭᠰᠠᠨ ᠲᠤᠯᠠ ᠮᠠᠰᠢ ᠳᠦᠭᠦᠮ ᠪᠣᠯᠵᠠᠢ︾ ᠭᠡᠯᠡ᠃ |