4 ᠰᠠᠷ᠎ᠠ ᠶᠢᠨ 2 ᠤ ᠡᠳᠦᠷ ᠠᠴᠠ 3 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ | ᠨᠠᠮ ᠤᠨ ᠬᠤᠷᠢᠶ᠎ᠠ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ᠂ | ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ | ᠣᠶᠢᠯᠠᠭᠠᠵᠤ᠂ ᠪᠥᠬᠦ ᠬᠤᠰᠢᠭᠤᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠳᠠᠶᠢᠴᠢᠯᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ ᠡᠷᠭᠢᠯᠡᠵᠦ᠂ ᠪᠥᠬᠦ ᠬᠤᠰᠢᠭᠤᠨ ᠤ | ᠭᠠᠵᠠᠷ ᠤᠨ ᠲᠠᠰ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠢ᠃ | ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ | ᠢᠶᠠᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠣᠣ ᠵᠢᠶᠦ᠋ᠨ ᠬᠤᠸᠠ ︽ | ᠰᠤᠷᠲᠠᠯ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠬᠤ︾ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ | ᠬᠢᠪᠡ᠃ | ᠪᠦᠦ ᠯᠢᠨ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠣᠨ᠎ᠠ᠂ ᠮᠥᠨ ᠴᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢᠨ ᠢᠵᠢᠯ ᠴᠢᠭᠯᠡᠯ ᠢᠶᠠᠷ ᠬᠦᠴᠦᠯᠡᠬᠦ᠂ | ᠶᠡᠷᠦᠩᠬᠡᠶᠢᠯᠡᠨ ᠬᠦᠴᠦᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠨᠠᠮ ᠤᠨ ᠰᠢᠯᠢᠳᠡᠭ ᠰᠤᠷᠲᠠᠯ ᠢ | ᠪᠠᠳᠠᠷᠠᠭᠤᠯᠬᠤ᠂ ᠨᠠᠮ ᠤᠨ ᠲᠡᠷᠢᠭᠦᠨ ᠤ ᠴᠢᠨᠠᠷ ᠪᠣᠯᠣᠨ ᠠᠷᠢᠭᠤᠨ ᠴᠢᠭᠡᠴᠢ ᠴᠢᠨᠠᠷ ᠢ ᠪᠠᠲᠤᠯᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠬᠤᠰᠢᠭᠤ ᠲᠠᠰ ᠤᠨ ᠤᠳᠤᠷᠢᠳᠬᠤ ᠺᠠᠳ᠋ᠷ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ︽ᠳᠠᠭᠠᠭᠤᠯᠤᠭᠴᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠵᠣᠬᠢᠶᠠᠨ | ᠪᠠᠶᠢᠭᠤᠯᠬᠤ ᠪᠠ ᠣᠷᠣᠯᠴᠠᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ | ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠦᠷᠦᠭᠦᠯᠡᠨ ᠰᠤᠷᠤᠯᠴᠠᠬᠤ᠂ ᠲᠦᠷᠦᠭᠦᠯᠡᠨ | ᠪᠠᠶᠢᠴᠠᠭᠠᠬᠤ᠂ ᠲᠦᠷᠦᠭᠦᠯᠡᠨ ᠥᠭᠡᠷᠡᠴᠢᠯᠡᠬᠦ ᠪᠠᠷ ᠳᠠᠮᠵᠢᠭᠤᠯᠤᠨ᠂ ᠪᠥᠬᠦ ᠬᠤᠰᠢᠭᠤᠨ ᠤ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ | ᠭᠦᠨᠵᠡᠭᠡᠢ ᠡᠷᠢᠵᠦ᠂ ᠦᠵᠡᠯ ᠰᠠᠨᠠᠭᠠᠨ ᠤ ᠡᠬᠢ ᠰᠤᠷᠪᠤᠯᠵᠢ ᠶᠢ ᠭᠦᠨᠵᠡᠭᠡᠢ ᠠᠭᠤᠳᠠᠯᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ | ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ ᠭᠡᠵᠡᠢ᠃ |