ᠪᠠᠷᠠᠭᠤᠨ ᠦᠵᠦᠮᠦᠴᠢᠨ ᠬᠤᠰᠢᠭᠤ ︽ᠰᠣᠷᠭᠤᠭ ᠴᠡᠴᠡᠭ ᠢᠶᠠᠷ ᠭᠠᠰᠢᠭᠤᠳᠠᠯ ᠢᠶᠠᠨ ᠢᠯᠡᠳᠭᠡᠭᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/7
    ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠤᠯᠪᠠᠰᠤᠨ ᠰᠢᠨ᠎ᠡ ᠭᠡᠪ ᠰᠤᠷᠳᠠᠯ ᠢ ᠦᠢᠯᠡᠳᠦᠯᠭᠡᠵᠢᠭᠦᠯᠦᠨ᠂ ᠪᠤᠯᠪᠠᠰᠤᠨ ᠲᠠᠬᠢᠯᠭ᠎ᠠ ᠬᠢᠬᠦ ᠶᠢ ᠰᠠᠨᠠᠭᠠᠴᠢᠯᠠᠵᠦ᠂ ᠪᠣᠯᠪᠠᠰᠤᠨ᠂ ᠪᠣᠬᠢᠷᠲᠤᠯ ᠦᠭᠡᠢ ᠳᠠᠬᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 4 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠨᠢ ᠴᠠᠭᠠᠨ ᠬᠤᠰᠢᠭᠤ ᠳᠤᠷᠠᠰᠬᠠᠯ ᠤᠨ ᠬᠦᠷᠢᠶᠡᠯᠡᠩ ᠪᠤᠯᠥᠨ ᠣᠷᠣᠰᠢᠭᠤᠯᠭ᠎ᠠ ᠶᠢᠨ ᠲᠦᠪ ᠲᠤ ︽ᠰᠣᠷᠭᠤᠭ ᠴᠡᠴᠡᠭ ᠢᠶᠠᠷ ᠭᠠᠰᠢᠭᠤᠳᠠᠯ  ᠢᠶᠠᠨ ᠢᠯᠡᠳᠭᠡᠭᠦ︾ ᠠᠵᠢᠯᠯᠠᠭ᠎ᠠ ᠥᠷᠨᠢᠭᠦᠯᠪᠡ᠃     ᠲᠤᠰ ᠤᠳᠠᠭᠠᠨ ᠤ ᠠᠵᠢᠯᠯᠠᠭ᠎ᠠ ᠨᠢ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠵᠤ᠂ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠣᠷᠴᠢᠨ ᠲᠣᠭᠤᠷᠢᠨ ᠤ ᠪᠣᠬᠢᠷᠲᠤᠯ ᠪᠣᠯᠣᠨ ᠭᠠᠯ ᠤᠨ ᠭᠠᠮᠰᠢᠭ ᠤᠨ ᠭᠡᠮ ᠰᠣᠭᠤᠭ ᠢ ᠪᠠᠭᠠᠰᠬᠠᠵᠤ᠂ ᠪᠣᠬᠢᠷᠲᠤᠯ ᠦᠭᠡᠢ᠂ ᠪᠣᠯᠪᠠᠰᠤᠨ ᠳᠠᠬᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢ ᠵᠣᠷᠢᠭᠵᠢᠭᠤᠯᠪᠠ᠃    ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠪᠠ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ᠂ ᠪᠠᠯᠭᠠᠷᠭᠤᠤᠯ ᠪᠠᠯᠭᠠᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠪ᠂ ᠬᠤᠶᠠᠷ ᠢ ᠬᠦᠷᠢᠶᠡᠯᠡᠬᠦ ᠠᠳᠠᠯ ᠠᠬᠤᠢ᠂ ᠵᠠᠮ ᠬᠠᠷᠢᠯᠴᠠᠭ᠎ᠠ ᠶᠢ ᠵᠢᠯᠤᠭᠤᠳᠬᠤ᠂ ᠭᠠᠯ ᠢ ᠰᠡᠷᠭᠡᠶᠢᠯᠡᠬᠦ᠂ ᠬᠠᠶᠢᠷ᠎ᠠ ᠬᠠᠯᠠᠮᠵᠢ ᠬᠦᠷᠭᠡᠬᠦ ᠮᠠᠰᠢᠨ ᠲᠡᠷᠭᠡ ᠲᠣᠬᠢᠷᠠᠭᠤᠯᠵᠤ ᠲᠠᠬᠢᠯᠭ᠎ᠠ ᠬᠢᠬᠦ ᠨᠠᠰᠤᠲᠠᠨ ᠵᠡᠮᠳᠡᠭᠴᠦᠳ ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠢ ᠲᠤᠰᠴᠤ ᠬᠦᠷᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号