ᠰᠣᠮᠣ ᠪᠠᠯᠭᠠᠰᠣᠨ ᠤ ᠬᠠᠪᠣᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠡᠯᠡᠳᠬᠡᠯ ᠡᠷᠴᠢᠮᠳᠡᠢ ᠶᠠᠪᠣᠭᠳᠠᠵᠣ ᠪᠠᠶᠢᠨ᠎ᠠ
ᠨᠡᠶᠢᠲᠡᠯᠡᠭᠰᠡᠨ ᠴᠠᠭ᠄
2025/4/7
     4 ᠰᠠᠷ᠎ᠠ ᠶᠢᠨ 3 ᠤ ᠡᠳᠦᠷ᠂ ᠪᠠᠶᠠᠨᠬᠤᠰᠢᠭᠤ ᠰᠣᠮᠣᠨ ᠤ ᠡᠪᠡᠰᠦ ᠪᠣᠷᠳᠤᠭ᠎ᠠ ᠬᠠᠳᠠᠭᠠᠯᠠᠬᠤ ᠴᠡᠭ ᠲᠤ ᠮᠠᠯᠴᠢᠳ ᠲᠡᠷᠭᠡ ᠣᠨᠤᠭ᠎ᠠ ᠲᠠᠢ ᠪᠠᠨ ᠢᠷᠡᠵᠡᠭᠡᠵᠦ᠂ ᠬᠠᠰᠢᠶᠠᠯᠠᠭ᠎ᠠ ᠶᠢᠨ ᠬᠤᠭᠤᠴᠠᠭᠠᠨ ᠳᠤ ᠬᠡᠷᠡᠭᠰᠡᠬᠦ ᠡᠪᠡᠰᠦ ᠪᠣᠷᠳᠤᠭ᠎ᠠ ᠪᠠᠨ ᠠᠪᠴᠦ ᠶᠠᠭᠠᠷᠠᠣᠬᠠᠨ ᠪᠠᠶᠢᠯ᠎ᠠ᠃ ᠪᠠᠶᠠᠨᠬᠤᠰᠢᠭᠤ ᠰᠣᠮᠣ ᠨᠢ ᠬᠠᠪᠣᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠮᠠᠯᠴᠢᠨ ᠡᠷᠦᠭᠡ ᠶᠢᠨ ᠡᠪᠡᠰᠦ ᠲᠡᠵᠢᠭᠡᠯ ᠤᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ ᠨᠣᠭᠤᠭᠠᠷᠠᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠯᠳᠡ ᠶᠢᠨ ᠠᠵᠢᠯ ᠤᠨ ᠣᠷᠣᠭᠰᠢᠳᠠᠢ ᠮᠥᠷᠳᠡᠭᠡᠨ ᠦᠷ᠎ᠡ ᠪᠦᠳᠦᠭᠡᠯ ᠲᠠᠢ ᠶᠠᠪᠣᠭᠳᠠᠬᠤ ᠶᠢ ᠪᠠᠳᠣᠯᠠᠬᠤ ᠶᠢᠨ ᠲᠣᠰᠠᠳᠠ ᠥᠩᠭᠡᠷᠡᠭᠰᠡᠨ ᠵᠢᠯ ᠤᠨ ᠬᠠᠳᠣᠯᠠᠩ ᠠᠪᠬᠤ ᠬᠤᠭᠤᠴᠠᠭᠠᠨ ᠳᠤ ᠡᠯ᠎ᠡ ᠭᠠᠴᠠᠭ᠎ᠠ ᠪᠠᠨ ᠲᠠᠶᠢᠴᠢᠯᠠᠨ ᠨᠢᠭᠡᠳᠦᠯᠳᠡᠢ ᠡᠪᠡᠰᠦ ᠨᠥᠭᠡᠴᠡᠯᠡᠬᠦ ᠠᠷᠭ᠎ᠠ ᠶᠢ ᠬᠡᠷᠡᠭᠵᠢᠬᠦᠯᠵᠦ᠂ ᠣᠷᠢᠳ ᠬᠤᠵᠢᠳ ᠨᠡᠶᠢᠳᠡ 2000 ᠭᠠᠷᠣᠢ ᠲᠣᠨ ᠡᠪᠡᠰᠦ ᠲᠦᠪᠯᠡᠷᠡᠬᠦᠯᠦᠨ ᠨᠦᠭᠡᠴᠡᠯᠡᠭᠰᠡᠨ ᠪᠦᠭᠡᠳ ᠬᠠᠰᠢᠶᠠᠯᠠᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠠᠮᠵᠢᠨ ᠪᠠᠶᠠᠨᠬᠤᠰᠢᠭᠤ ᠰᠣᠮᠣ ᠨᠢ ᠭᠠᠴᠠᠭ᠎ᠠ ᠪᠠᠷ ᠨᠢᠭᠡᠴᠡᠯᠡᠨ ᠬᠢᠮᠳᠠ ᠦᠨ᠎ᠡ ᠬᠠᠩᠰᠢ ᠲᠠᠢ ᠡᠪᠡᠰᠦ ᠪᠣᠷᠳᠤᠭ᠎ᠠ  ᠬᠤᠪᠢᠶᠠᠬᠤ ᠠᠵᠢᠯ ᠢᠶᠠᠨ ᠡᠷᠴᠢᠮ ᠲᠠᠢ ᠡᠬᠢᠯᠡᠭᠦᠯᠦᠭᠰᠡᠨ ᠪᠠᠶᠢᠨ᠎ᠠ᠃      ᠦᠢᠯᠠᠭᠠᠭᠰᠠᠨ ᠢᠶᠠᠷ ᠪᠠᠷᠠᠭᠤᠨ ᠦᠵᠦᠮᠦᠴᠢᠨ ᠬᠤᠰᠢᠭᠤ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠨ ᠠᠮᠢ ᠠᠬᠤᠢ ᠶᠢ ᠬᠠᠮᠠᠭᠠᠯᠠᠬᠤ᠂ ᠬᠠᠪᠣᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠦᠨᠡᠨᠬᠦ ᠦᠷ᠎ᠡ ᠪᠦᠳᠦᠮᠵᠢᠳᠡᠢ ᠶᠠᠪᠣᠭᠳᠠᠬᠤ ᠶᠢ ᠪᠠᠳᠣᠯᠠᠬᠤ ᠶᠢᠨ ᠲᠠᠭᠠᠣ ᠬᠠᠰᠢᠶᠠᠯᠠᠭ᠎ᠠ ᠶᠢᠨ ᠬᠤᠭᠤᠴᠠᠭᠠᠨ ᠤ ᠮᠠᠯᠴᠢᠨ ᠡᠷᠦᠭᠡ ᠶᠢᠨ ᠡᠪᠡᠰᠦ ᠪᠣᠷᠳᠤᠭ᠎ᠠ ᠬᠦᠷᠦᠯᠴᠡᠭᠡᠳᠡᠢ ᠨᠦᠭᠡᠴᠡᠯᠡᠬᠦ᠂ ᠮᠠᠯ ᠤᠨ ᠠᠷᠠᠴᠢᠯᠠᠭ᠎ᠠ ᠲᠡᠵᠢᠭᠡᠯᠭᠡ ᠶᠢ ᠪᠠᠳᠣᠯᠠᠬᠤ᠂ ᠠᠵᠣ ᠠᠬᠤᠢ ᠶᠢᠨ ᠲᠠᠷᠣᠭᠠᠰᠣ ᠶᠢ ᠨᠢ ᠬᠦᠩᠭᠡᠯᠡᠬᠦ ᠵᠡᠷᠭᠡ ᠲᠠᠯ᠎ᠠ ᠶᠢ ᠬᠦᠢᠴᠡᠳ ᠪᠣᠳᠣᠯᠬᠢᠯᠠᠵᠣ᠂ ᠪᠦᠬᠦ ᠬᠤᠰᠢᠭᠤᠨ ᠤ ᠭᠤᠷᠪᠠᠨ ᠲᠡᠰ ᠤᠨ ᠡᠯ᠎ᠡ ᠡᠪᠡᠰᠦ ᠬᠠᠳᠠᠭᠠᠯᠠᠬᠤ ᠰᠠᠭᠤᠷᠢᠨ ᠳᠤ ᠡᠪᠡᠰᠦ ᠪᠣᠷᠳᠤᠭ᠎ᠠ ᠬᠦᠷᠦᠯᠴᠡᠭᠡ ᠲᠠᠢ ᠨᠦᠭᠡᠴᠡᠯᠡᠬᠦ᠂ ᠠᠵᠣ ᠠᠬᠤᠶᠢᠯᠠᠯ ᠲᠠᠢ ᠬᠠᠮᠳᠣᠷᠠᠨ ᠬᠢᠮᠳᠠ ᠡᠪᠡᠰᠦ ᠪᠣᠷᠳᠤᠭ᠎ᠠ ᠶᠢ ᠮᠠᠯᠴᠢᠳ ᠲᠤ ᠣᠯᠭᠤᠬᠤ᠂ ᠰᠣᠮᠣ ᠪᠠᠯᠠᠭᠠᠰᠣᠨ ᠤ ᠡᠪᠡᠰᠦ ᠨᠦᠭᠡᠴᠡᠯᠡᠬᠦ ᠴᠡᠭ ᠤᠨ ᠨᠢᠭᠡᠳᠦᠯᠳᠡᠢ ᠡᠪᠡᠰᠦ ᠪᠣᠷᠳᠤᠭ᠎ᠠ ᠬᠠᠳᠠᠭᠠᠯᠠᠵᠣ ᠨᠦᠭᠡᠴᠡᠯᠡᠬᠦ ᠶᠢ ᠲᠡᠮᠵᠢᠨ ᠨᠦᠬᠦᠪᠦᠷᠢ ᠣᠯᠭᠤᠬᠤ ᠵᠡᠷᠭᠡ ᠪᠣᠳᠠᠳᠠᠢ ᠠᠷᠭ᠎ᠠ ᠬᠡᠮᠵᠢᠶ᠎ᠡ ᠶᠢ ᠠᠪᠴᠦ᠂ ᠬᠠᠪᠣᠷ ᠤᠨ ᠬᠠᠰᠢᠶᠠᠯᠠᠭ᠎ᠠ ᠶᠢᠨ ᠬᠤᠭᠤᠴᠠᠭᠠᠨ ᠤ  ︽ᠠᠮᠢ ᠠᠬᠤᠢ ᠪᠠᠨ ᠬᠠᠮᠠᠭᠠᠯᠠᠨ ᠮᠠᠯ ᠠᠵᠣ ᠠᠬᠤᠢ ᠶᠢ ᠬᠦᠭᠵᠢᠬᠦᠯᠬᠦ︾ ᠬᠤᠶᠠᠷ ᠲᠠᠯ᠎ᠠ ᠶᠢ ᠵᠡᠷᠭᠡ ᠪᠠᠷ ᠠᠳᠬᠤᠨ ᠬᠤᠣᠰ ᠦᠷ᠎ᠠ ᠠᠰᠢᠭ ᠢ ᠪᠠᠳᠣᠯᠠᠨ ᠠᠵᠢᠯᠯᠠᠵᠣ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号