ᠬᠠᠩᠰᠢ ᠨᠡᠭᠡᠭᠡᠵᠦ ᠬᠠᠶᠢᠯ ᠣᠷᠣᠰᠣᠭᠰᠠᠨ ᠣᠷᠢᠨ ᠳᠤᠯᠠᠭᠠᠨ ᠴᠠᠭ ᠢᠷᠡᠬᠦ ᠪᠠᠷ ᠮᠠᠯ ᠰᠦᠷᠦᠭ ᠤᠨ ᠬᠤᠷᠤᠬᠠᠢ | ᠲᠠᠭᠤᠬᠤ ᠠᠵᠢᠯ ᠨᠢ ᠴᠤ ᠮᠠᠯᠵᠢᠬᠤ ᠦᠢᠯᠡᠳᠪᠦᠷᠢᠯᠡᠯ ᠤᠨ ᠤᠮᠳᠣᠭᠤᠶᠢᠯᠠᠵᠤ ᠪᠤᠯᠤᠰᠢ ᠦᠭᠡᠢ ᠴᠢᠬᠤᠯᠠ ᠶᠠᠪᠤᠳᠠᠯ | ᠪᠣᠯᠳᠠᠭ᠃ 4 ᠰᠠᠷ᠎ᠠ ᠶᠢᠨ 5 ᠤ ᠡᠳᠦᠷ᠂ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠨᠠᠮ ᠤᠨ | ᠭᠡᠰᠢᠭᠦᠳ ᠠᠴᠠ ᠭᠠᠴᠠᠭᠠᠨ ᠤ ᠬᠠᠮᠲᠤ ᠶᠢᠨ ᠠᠳᠤᠭᠤᠨ ᠰᠦᠷᠦᠭ ᠤᠨ ᠬᠤᠷᠤᠬᠠᠢ ᠲᠠᠭᠤᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠮᠠᠯ ᠲᠡᠵᠢᠭᠡᠪᠦᠷᠢ ᠶᠢᠨ ᠪᠡᠶ᠎ᠡ | ᠳᠠᠬᠢ ᠡᠯ᠎ᠡ ᠵᠦᠢᠯ ᠤᠨ ᠮᠥᠯᠵᠢᠭᠦᠷ ᠬᠤᠷᠣᠬᠠᠢ ᠢᠴᠡᠭᠡᠯᠡᠬᠦ ᠪᠠᠶᠢᠳᠠᠯ ᠠᠴᠠ ᠪᠠᠨ ᠮᠠᠰᠢ ᠲᠦᠷᠭᠡᠨ ᠰᠡᠷᠭᠦᠵᠦ | ᠦᠷᠡᠵᠢᠵᠦ ᠡᠬᠢᠯᠡᠳᠡᠭ᠃ ᠡᠨᠡ ᠦᠶ᠎ᠡ ᠳᠤ ᠮᠠᠯ ᠨᠤᠨᠤᠭᠠᠨ ᠤ ᠬᠤᠷᠣᠬᠠᠢ ᠳᠠᠭᠤᠬᠤ ᠨᠢ ᠰᠢᠮᠡᠭᠦᠷ ᠬᠤᠷᠣᠬᠠᠢ ᠶᠢᠨ | ᠡᠪᠡᠳᠴᠢᠨ ᠤ ᠲᠠᠷᠬᠠᠯᠲᠠ ᠶᠢ ᠬᠤᠷᠢᠭᠯᠠᠵᠤ᠂ ᠮᠠᠯ ᠤᠨ ᠡᠪᠡᠳᠴᠢᠨ ᠡᠮᠬᠡᠭ ᠢ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠪᠣᠯᠳᠠᠭ᠃ ᠲᠤᠰ ᠣᠳᠠᠭᠠᠨ ᠤ ᠠᠵᠢᠯᠯᠠᠭ᠎ᠠ ᠳᠤ ᠰᠠᠶᠢᠬᠠᠨᠨᠠᠭᠤᠷ ᠭᠠᠴᠠᠭᠠᠨ ᠤ 18 ᠨᠡᠷ᠎ᠡ ᠨᠠᠮ ᠤᠨ | ᠭᠡᠰᠢᠭᠦᠨ ᠰᠠᠶᠢᠨ ᠳᠤᠷ᠎ᠠ ᠠᠴᠠ ᠪᠠᠨ ᠮᠦᠩᠭᠦ ᠲᠥᠭᠦᠷᠢᠭ ᠨᠡᠶᠢᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ | ᠶᠢᠨ ᠦᠮᠴᠢᠲᠦ ᠠᠳᠣᠭᠤᠨ ᠰᠦᠷᠦᠭ ᠲᠤ ᠬᠤᠷᠤᠬᠠᠢ ᠳᠠᠭᠤᠬᠤ ᠲᠠᠷᠢᠯᠭ᠎ᠠ ᠬᠢᠵᠦ᠂ ᠪᠣᠳᠠᠲᠤ ᠠᠵᠢᠯᠯᠠᠭ᠎ᠠ ᠪᠠᠷ ᠢᠶᠠᠨ | ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠂ ᠨᠠᠮ ᠤᠨ | ᠭᠡᠰᠢᠭᠦᠨ ᠤ ᠠᠮᠠᠯᠠᠯᠲᠠ ᠪᠠᠨ ᠦᠢᠯᠡᠳᠦᠯᠭᠡᠵᠢᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠪᠠᠰᠠ ᠲᠤᠰ ᠭᠠᠴᠠᠭᠠᠨ ᠤ | ᠤᠯᠠᠨ ᠮᠠᠯᠴᠢᠳ ᠰᠠᠶᠢᠨ ᠳᠤᠷ᠎ᠠ ᠠᠴᠠ ᠪᠠᠨ ᠢᠷᠡᠵᠦ ᠬᠠᠪᠰᠣᠷᠤᠯᠴᠠᠨ᠂ ᠲᠠᠷᠢᠯᠭ᠎ᠠ ᠶᠢᠨ ᠠᠵᠢᠯ ᠮᠠᠰᠢ ᠣᠷᠣᠭᠰᠢᠲᠠᠢ | ᠬᠦᠭᠵᠢᠶᠡᠨᠲᠡᠢ ᠶᠠᠪᠤᠭᠳᠠᠵᠠᠢ᠃ | ᠰᠠᠶᠢᠨᠬᠠᠨᠨᠠᠭᠤᠷ ᠭᠠᠴᠠᠭᠠᠨ ᠤ ᠨᠠᠮ ᠤᠨ ᠡᠭᠦᠷ ᠨᠢ ᠵᠢᠱᠢᠶᠡᠴᠢ ᠨᠠᠮ ᠤᠨ ᠡᠭᠦᠷ ᠢ ᠪᠠᠶᠢᠭᠤᠯᠬᠤ ᠪᠠᠷ ᠢᠮᠠᠭᠲᠠ | ᠬᠠᠷᠠᠯᠲᠠ ᠪᠠᠨ ᠪᠣᠯᠭᠠᠵᠤ᠂ ᠲᠡᠷᠢᠭᠦᠨ ᠤ ᠬᠢ ᠲᠠᠢ ᠬᠠᠷᠢᠴᠠᠭᠤᠯᠤᠨ ᠲᠡᠷᠢᠭᠦᠨ ᠤ ᠬᠢ ᠶᠢ ᠡᠭᠦᠳᠬᠦ ᠠᠵᠢᠯᠯᠠᠭ᠎ᠠ ᠶᠢ | ᠭᠦᠨᠵᠡᠭᠡᠢ ᠠᠬᠢᠭᠤᠯᠤᠭᠰᠠᠭᠠᠷ ᠢᠷᠡᠵᠠᠢ᠃ ᠨᠠᠮ ᠤᠨ ᠪᠠᠶᠢᠭᠤᠯᠤᠯᠲᠠ ᠶᠢᠨ ᠳᠤᠮᠳᠠ᠂ ᠨᠠᠮ ᠤᠨ ᠡᠭᠦᠷ ᠤᠨ | ᠤᠳᠤᠷᠢᠳᠬᠤ ᠪᠠᠭ ᠢᠶᠠᠷ ᠵᠢᠯᠤᠭᠤᠳᠣᠭᠰᠠᠨ ᠪᠦᠬᠦ ᠲᠠᠯ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠩᠨᠡᠭᠡ ᠶᠢ | ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠲᠠᠪᠤᠨ | ᠬᠦᠴᠦᠷᠬᠡᠭ ᠭᠠᠴᠠᠭ᠎ᠠ ᠳᠠᠰ ᠤᠨ ᠨᠠᠮ ᠤᠨ ᠡᠭᠦᠷ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢ | ᠵᠣᠷᠢᠭᠰᠠᠭᠠᠷ ᠢᠷᠡᠵᠡᠢ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠴᠤ ᠨᠠᠮ ᠤᠨ ᠪᠠᠶᠢᠭᠤᠯᠤᠯᠲᠠ ᠶᠢᠨ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠤᠭᠰᠠᠨ ᠤ ᠠᠮᠢᠳᠤᠯᠢᠭ ᠵᠢᠱᠢᠶ᠎ᠡ ᠮᠥᠨ᠃ ᠲᠣᠰ | ᠠᠵᠢᠯᠯᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠨᠢᠳᠦᠨ ᠡᠮᠦᠨᠡᠬᠢ ᠪᠣᠳᠠᠲᠠᠢ ᠬᠦᠴᠢᠷᠳᠡᠯ ᠢ | ᠪᠦᠲᠦᠮᠵᠢᠲᠡᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠬᠦ ᠪᠤᠲᠠᠲᠠᠢ ᠠᠵᠢᠯᠯᠠᠭ᠎ᠠ ᠪᠠᠷ ᠳᠠᠮᠵᠢᠨ ᠥᠷᠭᠡᠨ ᠤᠯᠠᠨ ᠮᠠᠯᠴᠢᠨ ᠲᠦᠮᠡᠨ ᠤ ᠰᠠᠶᠢᠨ | ᠳᠤᠷ᠎ᠠ ᠶᠢᠨ ᠢᠳᠡᠪᠬᠢᠵᠢᠯ ᠢ ᠳᠠᠶᠢᠴᠢᠯᠠᠨ᠂ ᠨᠠᠮ ᠤᠯᠠᠨ ᠲᠦᠮᠡᠨ ᠰᠡᠳᠬᠢᠯ ᠨᠢᠭᠡᠳᠴᠦ᠂ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ | | | | | | |