ᠵᠢᠷ ᠤᠨ ᠭᠤᠣᠯ ᠪᠠᠯᠭᠠᠰᠣ ᠦᠬᠦᠭᠰᠡᠨ ᠮᠠᠯ ᠵᠢᠬᠦᠷᠳᠡᠨ ᠢ ᠪᠣᠬᠢᠷᠳᠦᠯ ᠦᠭᠡᠢ ᠰᠢᠢᠳᠪᠦᠷᠢᠯᠡᠬᠦ ᠠᠵᠢᠯ ᠢ ᠴᠢᠩᠭᠠᠳᠬᠠᠵᠣ ᠪᠠᠶᠢᠨ᠎ᠠ
ᠨᠡᠶᠢᠲᠡᠯᠡᠭᠰᠡᠨ ᠴᠠᠭ᠄
2025/4/7
    ᠬᠠᠪᠣᠷ ᠤᠨ ᠣᠯᠠᠷᠢᠯ ᠪᠣᠯ ᠠᠮᠢᠳᠠᠨ ᠵᠢᠭᠦᠷᠳᠡᠨ ᠤ ᠬᠢᠵᠢᠭ ᠡᠪᠡᠳᠴᠢᠨ ᠡᠭᠦᠰᠬᠦ ᠴᠠᠭ ᠬᠤᠭᠤᠴᠠᠭ᠎ᠠ ᠪᠣᠯᠣᠨ᠎ᠠ᠃ ᠠᠮᠢᠳᠠᠨ ᠤ  ᠬᠢᠵᠢᠭ  ᠡᠪᠡᠳᠴᠢᠨ ᠢ ᠰᠡᠷᠭᠡᠶᠢᠯᠡᠨ ᠬᠤᠷᠢᠭᠯᠠᠬᠤ ᠨᠢ ᠮᠠᠯ ᠠᠵᠣ ᠠᠬᠤᠢ ᠶᠢᠨ ᠡᠷᠡᠭᠦᠯ ᠢᠶᠠᠷ ᠬᠦᠭᠵᠢᠬᠦ ᠶᠢ ᠪᠠᠳᠣᠯᠠᠵᠣ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠣᠷ ᠲᠦᠪᠰᠢᠨ ᠢ ᠪᠠᠳᠣᠯᠠᠬᠤ ᠶᠢᠨ ᠰᠠᠭᠤᠷᠢ ᠪᠦᠭᠡᠳ ︽ᠳᠣᠮᠳᠠᠳᠣ ᠣᠯᠣᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠦᠯᠢ︾᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠡᠷᠡᠭᠦᠦ ᠶᠢᠨ ᠬᠠᠦᠯᠢ︾  ᠳᠤ ᠬᠠᠮᠣᠷᠠᠭᠳᠠᠵᠣ᠂ ᠬᠠᠮᠢᠶ᠎ᠠ ᠪᠦᠬᠦᠢ ᠬᠢᠵᠢᠭ ᠡᠪᠡᠳᠴᠢᠨ ᠢ ᠰᠡᠷᠭᠡᠶᠢᠯᠡᠬᠦ ᠬᠠᠦᠯᠢ ᠲᠣᠭᠳᠠᠭᠠᠯ ᠳᠤ ᠨᠡᠶᠢᠴᠡᠵᠦ ᠪᠠᠶᠢᠳᠠᠭ᠃      ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠣᠨ ᠤ ᠶᠠᠷᠦᠩᠬᠡᠶᠢᠯᠡᠭᠰᠡᠨ ᠪᠠᠳᠣᠯᠠᠭ᠎ᠠ ᠪᠠ  ᠮᠡᠷᠭᠡᠵᠢᠯ ᠲᠥᠭᠡᠮᠡᠯᠵᠢᠬᠦᠯᠬᠦ ᠲᠦᠪ ᠨᠢ ᠪᠦᠬᠦ ᠪᠠᠯᠭᠠᠰᠣᠨ ᠤ 17 ᠭᠠᠴᠠᠭ᠎ᠠ ᠪᠠ 3 ᠰᠠᠭᠤᠭᠠᠯᠢ ᠲᠣᠭᠤᠷᠢᠭ ᠤᠨ ᠬᠡᠪᠴᠢᠶᠠᠨ ᠳᠤ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠣ᠂ ᠠᠳᠡ ᠲᠡᠨᠳᠡ ᠲᠣᠷ᠎ᠠ ᠪᠠᠷ ᠢᠶᠠᠨ ᠮᠠᠯ ᠤᠨ ᠦᠬᠦᠳᠡᠯ ᠬᠠᠶᠠᠬᠤ᠂ ᠲᠡᠭᠡᠭᠡᠪᠦᠷᠢᠯᠡᠬᠦ᠂ ᠬᠤᠳᠠᠯᠳᠣᠬᠤ᠂ ᠬᠤᠳᠠᠯᠳᠣᠨ ᠠᠪᠬᠤ᠂ ᠪᠣᠯᠪᠠᠰᠣᠷᠠᠭᠤᠯᠬᠤ ᠵᠡᠷᠭᠡ ᠶᠢ ᠴᠠᠭᠠᠵᠠᠯᠠᠵᠣ᠂ ᠡᠶᠢᠮᠦᠷᠬᠦ ᠪᠠᠶᠢᠳᠠᠯ ᠢᠯᠡᠷᠡᠪᠡᠯ ᠢᠯᠡᠴᠢᠯᠡᠨ ᠮᠡᠳᠡᠭᠦᠯᠬᠦ ᠶᠢ ᠣᠷᠮᠠᠰᠢᠭᠤᠯᠣᠨ᠂ ᠨᠢᠭᠤᠴᠠ ᠶᠢ ᠬᠠᠮᠠᠭᠠᠯᠠᠬᠤ ᠶᠢ ᠪᠠᠳᠣᠯᠠᠵᠣ᠂ ᠬᠡᠷᠪᠡ ᠦᠭᠦᠭᠰᠡᠨ ᠮᠠᠯ ᠵᠢᠭᠦᠷᠳᠠᠨ ᠪᠠᠶᠢᠪᠠᠯ ᠮᠡᠷᠭᠡᠵᠢᠯ ᠲᠦᠭᠡᠮᠡᠯᠵᠢᠬᠦᠯᠬᠦ ᠲᠦᠪ ᠲᠤ ᠮᠡᠳᠡᠭᠳᠡᠵᠦ᠂ ᠦᠬᠦᠭᠰᠡᠨ ᠰᠢᠯᠳᠠᠭᠠᠨ ᠢ ᠨᠢ ᠲᠣᠰᠠᠬᠠᠢ ᠮᠡᠷᠭᠡᠵᠢᠯ ᠤᠨ ᠠᠵᠢᠯᠳᠠᠨ ᠰᠢᠯᠭᠠᠨ ᠳᠣᠳᠣᠯᠠᠬᠤ ᠪᠣᠯᠣᠨ᠎ᠠ᠃ ᠡᠨᠡ ᠲᠠᠯ᠎ᠠ ᠪᠠᠷ ᠮᠡᠷᠭᠡᠵᠢᠯ ᠲᠦᠭᠡᠮᠡᠯᠵᠢᠬᠦᠯᠬᠦ ᠲᠦᠪ ᠨᠢ ᠥᠷᠭᠡᠨ ᠣᠯᠠᠨ ᠮᠠᠯᠴᠢᠨ ᠲᠦᠮᠡᠨ ᠳᠤ ᠣᠬᠠᠭᠤᠯᠬᠤ ᠠᠵᠢᠯ  ᠢᠶᠠᠨ ᠰᠠᠶᠢᠳᠣᠷ ᠬᠢᠵᠦ ᠦᠭᠦᠭᠰᠡᠨ ᠰᠢᠯᠳᠠᠭᠠᠨ ᠨᠢ ᠳᠣᠳᠣ ᠦᠭᠡᠢ ᠮᠠᠯ ᠵᠢᠭᠦᠷᠳᠠᠨ ᠢ ᠠᠷᠢᠭᠤᠳᠬᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号