ᠪᠥᠬᠦ ᠬᠤᠰᠢᠭᠤᠨ ᠤ 2637.34 ᠲᠦᠮᠡᠨ ᠮᠦ ᠪᠡᠯᠴᠢᠭᠡᠷ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠣᠷᠣᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠪᠥᠬᠦ ᠬᠤᠰᠢᠭᠤᠨ ᠤ 2637.34 ᠲᠦᠮᠡᠨ ᠮᠦ ᠪᠡᠯᠴᠢᠭᠡᠷ  ︽ᠴᠠᠯᠢᠩ ᠲᠠᠢ  ᠠᠮᠠᠷᠠᠬᠤ︾ ᠪᠤᠯᠤᠯ᠎ᠠ᠃     ᠰᠤᠷᠪᠤᠯᠵᠢᠯᠠᠭᠴᠢ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠮᠠᠯᠴᠢᠨ ᠵᠣᠷᠢᠭᠲᠤ ᠶᠢᠨ ᠳᠤ ᠬᠦᠷᠬᠦ ᠳᠤ ᠡᠳᠡᠨᠡᠶᠢᠬᠢ ᠬᠤᠨᠢᠨ ᠰᠦᠷᠦᠭ ᠢᠶᠠᠨ ᠡᠷᠲᠡ ᠠᠴᠠ ᠬᠠᠰᠢᠶᠠᠯᠠᠨ ᠮᠠᠯᠵᠢᠬᠤ ᠬᠦᠷᠢᠶᠡᠨ ᠳᠡᠭᠡᠨ ᠣᠷᠣᠭᠤᠯᠵᠤ᠂ ᠡᠪᠡᠰᠦ ᠪᠣᠷᠳᠤᠭ᠎ᠠ ᠪᠠᠷ ᠲᠡᠵᠢᠭᠡᠭᠰᠡᠨ ᠪᠠᠶᠢᠯ᠎ᠠ᠃ ᠵᠣᠷᠢᠭᠲᠤ ᠶᠢᠨ ᠬᠢ 3700 ᠮᠦ ᠨᠤᠲᠤᠭ ᠪᠡᠯᠴᠢᠭᠡᠷ ᠲᠠᠢ ᠪᠠᠶᠢᠵᠤ᠂ ᠡᠨᠡ ᠬᠠᠪᠣᠷ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠡᠷᠡᠭᠰᠡᠬᠦ ᠡᠪᠡᠰᠦ ᠪᠤᠷᠳᠤᠭᠤᠷ 24 ᠲᠣᠨ ᠨᠥᠭᠡᠴᠡᠯᠡᠭᠰᠡᠨ ᠪᠠᠶᠢᠨ᠎ᠠ᠃     ᠡᠯ᠎ᠡ ᠰᠤᠮᠤ ᠪᠠᠯᠭᠠᠰᠣᠨ ᠤ ᠬᠠᠤᠯᠢ ᠬᠡᠷᠡᠭᠵᠢᠭᠦᠯᠬᠦ ᠠᠵᠢᠯᠲᠠᠨ ᠮᠠᠯᠴᠢᠨ ᠡᠷᠦᠬᠡ ᠳᠤ ᠭᠦᠨᠵᠡᠭᠡᠶᠢᠷᠡᠵᠦ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠡᠷᠦᠬᠡ ᠳᠠᠷᠠᠭᠠᠯᠠᠨ ᠤᠬᠠᠭᠤᠯᠵᠤ᠂ ᠪᠡᠯᠴᠢᠭᠡᠷ ᠰᠡᠷᠭᠦᠭᠡᠬᠦ ᠠᠵᠢᠯ ᠤᠨ ᠣᠷᠣᠭᠰᠢᠲᠠᠢ ᠶᠠᠪᠤᠭᠳᠠᠬᠤ ᠶᠢ ᠪᠠᠲᠤᠯᠠᠵᠤ ᠪᠤᠢ᠃ ᠪᠠᠶᠠᠨᠬᠤᠰᠢᠭᠤ ᠰᠤᠮᠤᠨ  ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠨ ᠠᠴᠠ ᠢᠯᠡᠷᠬᠡᠶᠢᠯᠡᠬᠦ  ᠳᠡᠭᠡᠨ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ 24 ᠴᠠᠭ ᠢᠶᠠᠷ ᠴᠠᠭᠳᠠᠨ ᠪᠠᠶᠢᠴᠠᠭᠠᠵᠤ᠂ ᠣᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡ ᠪᠠᠷ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠡᠮᠬᠢ ᠳᠢᠭᠯᠢᠮ  ᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠪᠡ᠃     ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠪᠠ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠪᠥᠬᠦ ᠬᠤᠰᠢᠭᠤᠨ ᠳᠤ ᠪᠠᠴᠢᠮ ᠪᠠᠶᠢᠳᠠᠯ ᠢ ᠠᠷᠭᠠᠴᠠᠬᠤ 4 ᠲᠦᠮᠡᠨ ᠲᠣᠨ ᠡᠪᠡᠰᠦ ᠪᠣᠷᠳᠤᠭ᠎ᠠ ᠶᠢ ᠨᠥᠭᠡᠴᠡᠯᠡᠬᠦ ᠶᠢᠨ ᠬᠠᠮᠲᠤ 3 ᠰᠠᠷ᠎ᠠ ᠶᠢᠨ ᠡᠬᠢ ᠪᠠᠷ ᠡᠪᠡᠰᠦ ᠪᠣᠷᠳᠤᠭ᠎ᠠ ᠶᠢ ᠲᠥᠪᠯᠡᠷᠡᠭᠦᠯᠦᠨ ᠲᠠᠷᠬᠠᠭᠠᠬᠤ ᠠᠵᠢᠯ ᠢ ᠡᠬᠢᠯᠡᠭᠦᠯᠵᠦ᠂ ᠮᠠᠯᠵᠢᠬᠤ ᠡᠷᠦᠬᠡ ᠶᠢᠨ ᠮᠠᠯ ᠲᠡᠵᠢᠭᠡᠪᠦᠷᠢ ᠶᠢᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠨᠠᠮᠳᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠤᠷᠳᠣᠭᠠᠨ ᠤ ᠪᠦᠲᠦᠮᠵᠢᠲᠡᠶ ᠬᠠᠩᠭᠠᠯᠭ᠎ᠠ ᠶᠢ ᠭᠦᠢᠴᠡᠳ ᠪᠠᠲᠤᠯᠠᠪᠠ᠃ ᠡᠭᠦᠨ ᠤ ᠬᠠᠮᠲᠤ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠦ ᠪᠦᠷᠢ ᠪᠡᠯᠴᠢᠭᠡᠷ ᠲᠤ 1.125 ᠲᠥᠭᠦᠷᠢᠭ ᠤᠨ ᠨᠦᠬᠦᠪᠦᠷᠢ ᠥᠭᠴᠦ᠂ ᠬᠥᠮᠥᠨ ᠪᠦᠷᠢ  ᠶᠢᠨ ᠳᠤᠮᠳᠠᠴᠢ ᠪᠠᠷ ᠳᠠᠭᠠᠭᠠᠴᠢᠯᠠᠭᠰᠠᠨ ᠪᠡᠯᠴᠢᠭᠡᠷ ᠤᠨ ᠲᠠᠯᠠᠪᠠᠶ ᠨᠢ 300 ᠮᠦ ᠬᠦᠷᠬᠦ ᠦᠭᠡᠢ ᠪᠠᠶᠢᠪᠠᠯ᠂ 300 ᠮᠦ ᠶᠢᠨ ︽ᠰᠠᠭᠤᠷᠢ ᠶᠢ ᠪᠠᠲᠤᠯᠠᠬᠤ︾ ᠶᠣᠰᠣᠭᠠᠷ ᠨᠥᠬᠦᠪᠦᠷᠢ ᠤᠯᠭᠤᠵᠤ᠂ ᠨᠥᠬᠦᠪᠦᠷᠢ  ᠶᠢᠨ ᠮᠥᠩᠭᠦ  ᠶᠢ ᠪᠡᠯᠴᠢᠭᠡᠷ ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠭᠠᠴᠠᠭ᠎ᠠ ᠪᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ ᠢᠯᠡ ᠨᠡᠶᠢᠲᠡᠯᠡᠨ᠂ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠲᠠᠷᠬᠠᠭᠠᠵᠤ᠂ ᠨᠥᠬᠦᠪᠦᠷᠢ ᠶᠢᠨ ᠪᠡᠯᠡ ᠮᠥᠩᠭᠦ ᠶᠢ ᠮᠠᠯᠴᠢᠳ ᠤᠨ ᠭᠠᠷ ᠲᠤ ᠰᠢᠭᠤᠳ ᠣᠯᠭᠤᠬᠤ ᠶᠢ ᠪᠠᠲᠤᠯᠠᠬᠤ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ  ᠤ ᠵᠠᠰᠠᠭ ᠤᠨ ᠤᠷᠳᠤᠨ  ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号