ᠦᠡᠳᠦᠰᠦᠨ ᠱᠠᠳᠤᠨ ᠤ ᠡᠮᠡᠭᠳᠠᠶᠢᠴᠤᠤᠨ ᠤᠨ ᠬᠤᠯᠪᠤᠭᠠᠳᠦ ᠬᠤᠷᠡᠯ ᠨᠢ ᠨᠠᠰᠤᠳᠠᠶᠢᠴᠤᠤᠨ ᠢᠶᠠᠨ ᠲᠤᠬᠤᠨᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/4/7
    ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠦ ᠶᠢᠨ ᠭᠤᠤᠯ ᠪᠠᠯᠭᠠᠰᠤᠨ ᠤ ᠬᠤᠩᠭᠤᠷᠠᠣᠪᠣᠭ᠎ᠠ ᠭᠠᠴᠠᠭ᠎ᠠ ᠪᠤᠯᠤᠨ ᠳᠣᠯᠣᠭᠠᠨᠳᠠᠪᠠᠭ᠎ᠠ ᠭᠠᠴᠠᠭᠠᠨ ᠤ ᠡᠮᠡᠭᠳᠠᠶᠢᠴᠣᠳ ᠤᠨ ᠬᠤᠯᠪᠤᠭ᠎ᠠ ᠨᠢ ᠡᠮᠡᠭᠳᠡᠢ ᠰᠠᠶᠢᠨ ᠲᠤᠷᠠᠴᠤᠤᠨ ᠢᠶᠠᠨ ᠵᠤᠬᠢᠶᠠᠨ ᠪᠠᠶᠢᠭᠤᠯᠤᠨ᠂ ᠲᠤᠬᠤᠨᠢᠭᠤᠯᠬᠤ ᠠᠵᠢᠯᠯᠠᠭ᠎ᠠ ᠦᠷᠨᠢᠬᠦᠯᠵᠦ᠂ ᠦᠨᠳᠦᠷ ᠨᠠᠰᠣᠳᠠᠢ᠂ ᠬᠦᠨᠳᠦ ᠡᠪᠡᠳᠴᠢᠳᠡᠢ ᠪᠣᠶᠣ ᠤᠨᠴᠠ ᠬᠦᠴᠢᠷᠳᠡᠯᠳᠡᠢ ᠨᠠᠰᠤᠳᠠᠶᠢᠴᠦᠦᠯ ᠳᠤ ᠪᠠᠨ ᠬᠠᠯᠠᠭᠤᠨ ᠲᠣᠯᠠᠭᠠᠨ ᠬᠠᠯᠠᠮᠵᠢ ᠶᠢ ᠬᠦᠷᠬᠡᠭᠰᠡᠨ ᠪᠠᠶᠢᠨ᠎ᠠ᠃     ᠠᠵᠢᠯᠯᠠᠭᠠᠨ ᠤ ᠶᠠᠪᠤᠴᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠦ ᠶᠢᠨ ᠭᠤᠤᠯ ᠪᠠᠯᠭᠠᠰᠤᠨ  ᠤ ᠬᠤᠩᠭᠤᠷᠠᠣᠪᠣᠭ᠎ᠠ ᠭᠠᠴᠠᠭ᠎ᠠ ᠪᠤᠯᠤᠨ ᠳᠣᠯᠣᠭᠠᠨᠳᠠᠪᠠᠭ᠎ᠠ ᠭᠠᠴᠠᠭᠠᠨ ᠤ ᠡᠮᠡᠭᠳᠡᠢ ᠰᠠᠶᠢᠨ ᠲᠣᠷᠠᠴᠣᠣᠯ 2000 ᠲᠦᠬᠦᠷᠢᠭ ᠤᠨ ᠠᠮᠢᠳᠤᠷᠡᠯ ᠤᠨ ᠬᠡᠷᠡᠭᠰᠡᠯ ᠵᠢᠴᠢ ᠲᠤᠬᠤᠨᠢᠭᠤᠯᠭ᠎ᠠ ᠶᠢᠨ ᠮᠦᠩᠬᠦ ᠪᠡᠯᠡᠳᠬᠡᠨ᠂ 4 ᠨᠡᠷ᠎ᠡ ᠨᠠᠰᠤᠳᠠᠨ ᠢ ᠪᠣᠯᠭᠤᠭᠠᠨ ᠲᠤᠬᠤᠨᠢᠭᠤᠯᠵᠠᠢ᠃ ᠡᠬᠦᠨ ᠤ ᠬᠠᠮᠳᠦ ᠪᠠᠰᠠ ᠨᠠᠰᠤᠳᠡᠳ ᠤᠨ ᠭᠡᠷ ᠬᠦᠷᠢᠶ᠎ᠡ ᠶᠢ ᠨᠢ ᠴᠡᠪᠡᠷᠯᠡᠨ ᠦᠭᠴᠦ᠂ ᠤᠷᠤᠨ ᠰᠠᠭᠤᠴᠠ ᠶᠢᠨ ᠤᠷᠴᠢᠨ ᠲᠤᠭᠤᠷᠢᠨ ᠢ ᠨᠢ ᠴᠡᠪᠡᠷ ᠲᠤᠬᠢᠯᠢᠭ ᠪᠤᠯᠭᠠᠭᠰᠠᠨ ᠪᠠᠶᠢᠨ᠎ᠠ᠃ ᠨᠢᠬᠡ ᠪᠦᠯᠦᠭ ᠡᠮᠡᠭᠳᠡᠢ ᠰᠠᠶᠢᠨ ᠲᠣᠷᠠᠴᠣᠣᠯ ᠪᠠᠰᠠ ᠨᠠᠰᠤᠳᠠᠶᠢᠴᠤᠳ ᠲᠠᠢ ᠵᠤᠭᠤᠭ ᠲᠡᠯᠬᠡᠨ᠂ ᠲᠡᠳᠡᠨ ᠤ ᠠᠮᠢᠳᠤᠷᠡᠯ ᠲᠡᠮᠡᠴᠡᠯ ᠤᠨ ᠦᠯᠢᠬᠡᠷ ᠢ ᠨᠢ ᠰᠤᠨᠤᠰᠴᠦ᠂ ᠡᠷᠡᠬᠦᠯ ᠴᠢᠬᠢᠷᠠᠭ ᠤᠨ ᠪᠠᠶᠢᠳᠠᠯ ᠢ ᠨᠢ  ᠠᠰᠠᠭᠤᠨ ᠯᠠᠪᠯᠬᠠᠰᠠᠨ ᠤ ᠬᠠᠮᠳᠦ ᠨᠠᠰᠤᠳᠠᠶᠢᠴᠦᠦᠯ ᠢ ᠪᠡᠶ᠎ᠡ ᠰᠡᠳᠬᠢᠯ ᠤᠨ ᠡᠷᠡᠬᠦᠯ ᠮᠡᠨᠳᠦ ᠪᠠᠨ ᠰᠠᠶᠢᠳᠤᠷ ᠠᠩᠬᠠᠷᠬᠤ ᠶᠢ ᠰᠠᠨᠠᠭᠤᠯᠤᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠬᠤᠭᠤᠯᠠᠳᠦ ᠶᠢᠨ ᠭᠤᠤᠯ  ᠪᠠᠯᠭᠠᠰᠣᠨ ᠤ ᠡᠮᠡᠭᠳᠠᠶᠢᠴᠤᠳ ᠤᠨ ᠬᠤᠯᠪᠣᠭᠠᠲᠤ ᠬᠤᠷᠠᠯ ᠨᠢ ᠤᠯᠠᠨ ᠶᠠᠩᠵᠦ ᠶᠢᠨ ᠰᠠᠶᠢᠨ ᠲᠤᠷ᠎ᠡ ᠶᠢᠨ ᠦᠢᠯᠡᠴᠢᠯᠡᠭᠡ ᠶᠢ ᠦᠷᠨᠢᠬᠦᠯᠤᠨ᠂ ᠨᠡᠩ ᠤᠯᠠᠨ ᠨᠡᠶᠢᠬᠡᠮ ᠤᠨ ᠬᠦᠴᠦᠨ ᠢ ᠲᠠᠶᠢᠴᠢᠯᠠᠨ ᠤᠷᠤᠯᠴᠠᠭᠤᠯᠵᠦ᠂ ᠨᠠᠰᠤᠳᠠᠨ ᠢᠶᠠᠨ ᠬᠦᠨᠳᠤᠳᠬᠡᠨ ᠨᠠᠰᠤᠳᠠᠨ ᠢᠶᠠᠨ ᠬᠠᠶᠢᠷᠠᠯᠠᠬᠤ ᠤᠯᠠᠮᠵᠢᠯᠠᠯᠳᠦ ᠰᠤᠷᠳᠠᠯ ᠪᠤᠯᠤᠨ ᠯᠸᠢ ᠹᠧᠩ ᠤᠨ ᠵᠤᠷᠢᠭ ᠰᠠᠨᠠᠭ᠎ᠠ ᠶᠢ ᠪᠠᠳᠠᠷᠠᠭᠤᠯᠤᠨ ᠲᠡᠯᠭᠡᠷᠡᠬᠦᠯᠬᠦ ᠪᠠᠷ ᠴᠢᠷᠮᠠᠶᠢᠨ ᠠᠵᠢᠯᠯᠠᠵᠣ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号