ᠪᠠᠷᠠᠭᠤᠨ ᠦᠵᠦᠮᠦᠴᠢᠨ ᠬᠤᠰᠢᠭᠤ ᠦᠷᠡᠭᠳᠡᠭᠰᠡᠨ ᠪᠠᠭᠠᠲᠤᠷᠴᠤᠳ ᠢᠶᠠᠨ ᠲᠤᠷᠠᠰᠬᠠᠬᠤ ᠠᠵᠢᠯᠯᠠᠭ᠎ᠠ ᠥᠷᠨᠢᠭᠦᠯᠪᠡ 
ᠨᠡᠶᠢᠲᠡᠯᠡᠭᠰᠡᠨ ᠴᠠᠭ᠄
2025/4/7
     4 ᠰᠠᠷ᠎ᠠ ᠶᠢᠨ 3 ᠤ ᠡᠳᠦᠷ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠭᠡᠷ ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠠᠬᠦ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠶ ᠳᠤ ᠦᠷᠡᠭᠳᠡᠭᠰᠡᠨ ᠪᠠᠭᠠᠲᠤᠷᠴᠤᠳ ᠢᠶᠠᠨ ᠲᠤᠷᠠᠰᠬᠠᠬᠤ ᠠᠵᠢᠯᠯᠠᠭ᠎ᠠ ᠥᠷᠨᠢᠭᠦᠯᠪᠡ᠃      ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠣᠷᠢᠳᠣᠯᠭ᠎ᠠ᠂ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠰᠠᠭᠤᠭᠠᠯᠢ ᠠᠷᠠᠳ ᠤᠨ ᠲᠥᠯᠥᠭᠡᠯᠡᠭᠴᠢ ᠪᠠ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃      ᠦᠳᠡ ᠶᠢᠨ ᠡᠮᠦᠨᠡᠬᠢ 8᠄ 30 ᠲᠤ᠂ ᠰᠦᠷ ᠵᠢᠪᠬᠤᠯᠠᠩᠲᠤ ᠤᠯᠤᠰ ᠤᠨ ᠲᠠᠭᠤᠨ ᠤ ᠠᠶᠠᠰ ᠳᠤᠮᠳᠠ ᠠᠵᠢᠯᠯᠠᠭ᠎ᠠ ᠡᠬᠢᠯᠠᠨ᠂ ᠠᠵᠢᠯᠯᠠᠭ᠎ᠠ ᠳᠤ ᠤᠷᠤᠯᠴᠠᠭᠰᠠᠳ ᠠᠴᠠ ᠦᠷᠡᠭᠳᠡᠭᠰᠡᠨ ᠪᠠᠭᠠᠲᠤᠷᠴᠤᠳ ᠤᠨ ᠲᠤᠷᠠᠰᠬᠠᠯ ᠤᠨ ᠭᠦᠰᠢᠶᠠᠨ ᠳᠤ ᠰᠣᠷᠭᠤᠭ ᠴᠡᠴᠡᠭ ᠭᠦᠷᠬᠡᠨ ᠭᠤᠷᠪᠠᠨᠲᠠ ᠶᠣᠰᠣᠯᠠᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠵᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ  ᠶᠠᠷᠢᠶᠠᠨ ᠳᠠᠭᠠᠨ᠂ ᠡᠯ᠎ᠡ ᠰᠤᠮᠤ ᠪᠠᠯᠭᠠᠰᠤ ᠪᠣᠯᠣᠨ ᠰᠠᠯᠠᠭ᠎ᠠ ᠮᠥᠴᠢᠷ ᠨᠢᠭᠡᠴᠡ ᠨᠢ ᠦᠷᠡᠭᠳᠡᠭᠰᠡᠨ ᠪᠠᠭᠠᠲᠤᠷᠴᠤᠳ ᠤᠨ ᠦᠶᠯᠡ ᠠᠵᠢᠯᠯᠠᠭ᠎ᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠪᠣᠬᠢᠷᠲᠤᠯ ᠦᠭᠡᠢ ᠳᠠᠬᠢᠯᠭ᠎ᠠ ᠶᠢ ᠰᠠᠨᠠᠭᠠᠴᠢᠯᠠᠨ᠂ ︽ᠰᠦᠯᠵᠢᠶᠡᠨ ᠳᠡᠭᠡᠷ᠎ᠡ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ︾ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠰᠢᠯᠢᠳᠡᠭ ᠰᠣᠶᠣᠯ ᠢ ᠤᠯᠠᠮᠵᠢᠯᠠᠬᠤ ᠬᠡᠷᠡᠭᠳᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠦᠷᠡᠭᠳᠡᠭᠰᠡᠨ ᠪᠠᠭᠠᠲᠤᠷᠴᠤᠳ ᠢᠶᠠᠷ ᠦᠯᠢᠭᠡᠷ ᠳᠠᠭᠤᠷᠢᠶᠠᠯ ᠪᠣᠯᠭᠠᠵᠤ᠂ ᠲᠡᠳᠡᠨ ᠤ ᠡᠷᠡᠯᠬᠡᠭ ᠪᠠᠭᠠᠲᠤᠷᠯᠢᠭ᠂ ᠬᠤᠪᠢᠰᠬᠠᠯᠲᠤ ᠵᠣᠷᠢᠭ ᠰᠠᠨᠠᠭ᠎ᠠ᠂ ᠰᠢᠨᠲᠠᠷᠠᠰᠢ ᠦᠭᠡᠢ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠ ᠨᠢᠭᠡ ᠰᠡᠳᠬᠢᠯ ᠢᠶᠠᠷ ᠠᠷᠠᠳ ᠲᠦᠮᠡᠨ  ᠤ ᠲᠥᠯᠥᠭᠡ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠶᠢ ᠰᠣᠷᠤᠯᠴᠠᠨ᠂ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠪᠣᠳᠠᠲᠤ ᠠᠵᠢᠯᠯᠠᠭ᠎ᠠ ᠪᠠᠷ ᠢᠶᠠᠨ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠡᠢ᠃      ᠠᠵᠢᠯᠯᠠᠭ᠎ᠠ ᠳᠤ᠂ ᠦᠨᠳᠦᠰᠦᠨ ᠱᠠᠲᠤᠨ ᠤ ᠨᠠᠮ ᠤᠨ ᠬᠡᠰᠢᠬᠦᠨ ᠤ ᠲᠥᠯᠥᠭᠡᠯᠡᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠭᠦᠰᠢᠶᠠᠨ ᠤ ᠳᠣᠣᠷ᠎ᠠ ᠶᠠᠷᠢᠶ᠎ᠠ ᠲᠠᠯᠪᠢᠵᠦ ᠦᠷᠡᠭᠳᠡᠭᠰᠡᠨ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠪᠡ᠃      ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠤᠰ ᠡᠳᠦᠷ᠂ ᠪᠠᠶᠠᠠᠬᠤᠸᠡ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ ᠠᠵᠢᠯᠳᠠᠨ᠂ ᠨᠠᠮ ᠤᠨ ᠬᠡᠰᠢᠬᠦᠨ᠂ ᠡᠪᠯᠡᠯ ᠤᠨ ᠬᠡᠰᠢᠬᠦᠨ᠂ ᠲᠤᠰᠬᠠᠢ ᠲᠤᠰᠢᠶᠠᠯᠲᠤ ᠭᠠᠯ ᠤᠨᠳᠠᠷᠠᠭᠠᠬᠤ ᠬᠡᠰᠢᠬᠦᠨ᠂ ᠬᠠᠷᠢᠶ᠎ᠠ ᠣᠷᠣᠨ ᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠵᠡᠷᠭᠡ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ︱ ᠪᠤᠷᠭᠠᠰᠣᠳᠠᠢ ᠳᠠᠬᠢ ᠬᠤᠪᠢᠰᠬᠠᠯᠳᠣ ᠦᠷᠡᠭᠳᠡᠭᠰᠡᠨ ᠪᠠᠭᠠᠲᠤᠷᠴᠤᠳ ᠤᠨ  ᠤᠩᠭᠤᠨ ᠳᠤ ᠭᠦᠷᠴᠦ᠂ ᠦᠷᠡᠭᠳᠡᠭᠰᠡᠨ ᠪᠠᠭᠠᠲᠤᠷᠴᠤᠳ ᠢᠶᠠᠨ ᠲᠤᠷᠠᠰᠬᠠᠬᠤ ᠠᠵᠢᠯᠯᠠᠭ᠎ᠠ ᠦᠷᠨᠢᠬᠦᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号