︽ᠰᠡᠭᠦᠯᠡᠷ ᠪᠠᠭ᠎ᠠ ᠮᠥᠷᠲᠡᠭᠡᠨ ᠬᠠᠭᠤᠴᠢᠨ ᠭᠡᠷ ᠲᠤ ᠰᠢᠬᠠᠯᠴᠠᠬᠤ ᠬᠡᠷᠡᠭ ᠦᠭᠡᠢ ᠪᠣᠯᠵᠠᠢ᠂ ᠣᠳᠣ ᠶᠢᠨ ᠰᠠᠭᠤᠵᠤ | ᠪᠠᠶᠢᠭ᠎ᠠ ᠨᠡᠶᠢᠲᠡ ᠶᠢᠨ ᠲᠦᠷᠢᠶᠡᠰᠦᠨ ᠭᠡᠷ ᠠᠭᠤᠵᠢᠮ ᠲᠣᠬᠢᠯᠢᠭ᠂ ᠠᠮᠢᠳᠤᠷᠠᠯ ᠴᠦ ᠤᠯᠠᠮ ᠰᠠᠶᠢᠨ ᠪᠣᠯᠣᠯ᠎ᠠ︾ ᠭᠡᠵᠦ | ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠶᠢᠨ ᠬᠦᠴᠢᠷᠳᠡᠯ ᠲᠠᠢ ᠡᠷᠦᠬᠡ ᠵᠠᠩ ᠣᠪᠣᠭᠲᠤ ᠰᠡᠳᠬᠢᠯ | ᠳᠣᠭᠳᠣᠯᠤᠨ ᠬᠡᠯᠡᠪᠡ᠃ ᠣᠷᠣᠨ ᠰᠠᠭᠤᠴᠠ ᠶᠢᠨ ᠬᠦᠴᠢᠷᠳᠡᠯ ᠲᠠᠢ ᠡᠷᠦᠬᠡ ᠵᠠᠩ ᠣᠪᠣᠭᠲᠤ ᠶᠢᠨ ᠭᠡᠷ ᠪᠦᠯᠢ ᠶᠢᠨ ᠬᠥᠮᠥᠨ | ᠠᠮᠠ ᠨᠢ ᠣᠯᠠᠨ᠂ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ | ᠭᠤᠶᠤᠴᠢᠯᠠᠨ ᠣᠯᠵᠤ᠂ ᠠᠮᠢᠳᠤᠷᠠᠯ ᠤᠨ ᠣᠷᠴᠢᠨ ᠲᠣᠭᠤᠷᠢᠨ ᠨᠢ ᠶᠡᠭᠡ ᠪᠠᠷ ᠰᠠᠶᠢᠵᠢᠷᠠᠵᠠᠢ᠃ ᠵᠠᠩ ᠣᠪᠣᠭᠲᠤ ᠶᠢᠨ | ᠰᠠᠭᠤᠭ᠎ᠠ ᠲᠣᠭᠤᠷᠢᠭ ᠤᠨ ᠬᠤᠪᠢᠷᠠᠯᠲᠠ ᠪᠣᠯ ᠪᠠᠷᠠᠭᠤᠨ ᠦᠵᠦᠮᠦᠴᠢᠨ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ | ᠶᠢᠨ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠦᠭᠰᠡᠨ ᠤ ᠨᠢᠭᠡᠨ ᠠᠮᠢᠳᠤᠯᠢᠭ ᠬᠤᠷᠢᠶᠠᠩᠭᠤᠢ ᠳᠦᠷᠰᠦ ᠪᠣᠯᠣᠨ᠎ᠠ᠃ | ︽ᠥᠩᠭᠡᠷᠡᠭᠰᠡᠨ ᠳᠤ ᠠᠮᠢᠳᠤᠷᠠᠯ ᠬᠦᠴᠢᠷᠲᠡᠢ ᠪᠠᠶᠢᠵᠠᠢ᠂ ᠥᠬᠢᠨ ᠴᠢᠰᠤ ᠴᠠᠶᠢᠬᠤ ᠡᠪᠡᠳᠴᠢᠨ ᠳᠤ ᠨᠡᠷᠪᠡᠭᠳᠡᠵᠦ᠂ | ᠭᠡᠷ ᠤᠨ ᠲᠦᠷᠢᠶᠡᠰᠦ ᠪᠠᠰᠠ ᠦᠨᠡᠲᠡᠢ ᠲᠤᠯᠠ ᠮᠠᠰᠢ ᠬᠦᠴᠢᠷᠳᠡᠯᠲᠠᠢ ᠪᠠᠶᠢᠵᠠᠢ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ | ᠭᠤᠶᠤᠴᠢᠯᠠᠭᠰᠠᠨ ᠤ ᠳᠠᠷᠠᠭ᠎ᠠ ᠲᠦᠷᠢᠶᠡᠰᠦᠨ ᠮᠥᠩᠭᠦ ᠪᠠᠨ ᠠᠷᠪᠢᠯᠠᠭᠰᠠᠨ ᠢᠶᠠᠷ ᠪᠠᠷᠠᠬᠤ ᠦᠭᠡᠢ᠂ ᠣᠷᠴᠢᠨ ᠲᠣᠭᠤᠷᠢᠨ ᠴᠦ | ᠰᠠᠶᠢᠨ ᠪᠣᠯᠵᠠᠢ᠂ ᠣᠳᠣ ᠨᠢᠭᠡ ᠯᠡ ᠰᠡᠳᠬᠢᠯ ᠢᠶᠠᠷ ᠥᠬᠢᠨ ᠤ ᠪᠠᠨ ᠡᠪᠡᠳᠴᠢᠨ ᠢ ᠡᠮᠨᠡᠭᠦᠯᠵᠦ ᠪᠠᠶᠢᠨ᠎ᠠ᠂ ᠠᠮᠢᠳᠤᠷᠠᠯ ᠤᠨ | ᠬᠦᠰᠡᠯ ᠡᠷᠡᠮᠡᠯᠵᠡᠯ ᠲᠠᠢ ᠪᠣᠯᠵᠠᠢ᠂ ᠡᠨᠡ ᠬᠦ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ︾ ᠭᠡᠵᠦ ᠪᠠᠶᠠᠨᠬᠤᠸᠠ | ᠪᠠᠯᠭᠠᠰᠤᠨ ᠤ ᠰᠠᠭᠤᠭᠠᠯᠢ ᠠᠷᠠᠳ ᠢᠦᠢ ᠣᠪᠣᠭᠲᠤ ᠰᠡᠳᠬᠢᠯ ᠳᠣᠭᠳᠣᠯᠣᠨ ᠬᠡᠯᠡᠪᠡ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠷᠠᠭᠤᠨ | ᠦᠵᠦᠮᠦᠴᠢᠨ ᠬᠤᠰᠢᠭᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠠᠭᠠᠵᠤ᠂ ︽ᠪᠠᠷᠠᠭᠤᠨ ᠦᠵᠦᠮᠦᠴᠢᠨ | ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠲᠥᠷᠥ | ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ᠂ | ᠬᠠᠮᠢᠶᠠᠷᠤᠯᠲᠠ ᠪᠠ ᠤᠬᠤᠷᠢᠨ ᠭᠠᠷᠬᠤ ᠲᠣᠭᠲᠠᠴᠠ ᠳᠤ ᠲᠣᠳᠣᠷᠬᠠᠢ ᠵᠢᠷᠤᠮᠵᠢᠯ ᠬᠠᠩᠭᠠᠭᠰᠠᠨ ᠪᠠᠶᠢᠨ᠎ᠠ᠃ 2008 ᠣᠨ | ᠠᠴᠠ ᠨᠠᠰᠢ᠂ ᠤᠷᠢᠳ ᠬᠤᠵᠢᠳ ᠷᠦᠢ ᠰᠢᠨ ᠰᠠᠭᠤᠭᠠᠯᠢ ᠲᠣᠭᠤᠷᠢᠭ᠂ ᠳᠠᠷᠬᠠᠨ ᠰᠠᠭᠤᠭᠠᠯᠢ ᠲᠣᠭᠤᠷᠢᠭ ᠵᠡᠷᠭᠡ 15 | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠲᠣᠬᠢᠷᠠᠭᠤᠯᠤᠨ | ᠪᠠᠶᠢᠭᠤᠯᠵᠤ᠂ ᠨᠡᠶᠢᠲᠡ 4000 ᠭᠠᠷᠤᠢ ᠢᠵᠢ ᠣᠷᠣᠨ ᠰᠠᠭᠤᠴᠠ ᠶᠢ ᠪᠠᠶᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠭᠡᠷ | ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠪᠦᠲᠦᠮᠵᠢᠲᠡᠶ ᠨᠠᠮᠳᠠᠭᠤᠯᠪᠠ᠃ | ︽ᠰᠠᠭᠤᠭᠠᠯᠢ ᠠᠷᠠᠳ ᠤᠨ ᠲᠣᠭᠤᠷᠢᠭ ᠰᠢᠨ᠎ᠡ ᠳᠦᠷᠰᠦ ᠪᠠᠶᠢᠳᠠᠯ ᠲᠠᠢ ᠪᠣᠯᠵᠠᠢ᠂ ᠨᠠᠮ ᠪᠣᠯᠣᠨ ᠵᠠᠰᠠᠭ ᠤᠨ ᠣᠷᠳᠣᠨ | ᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠳᠤ ᠲᠠᠯᠠᠷᠬᠠᠵᠤ ᠪᠠᠶᠢᠨ᠎ᠠ᠂ ᠮᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢ ᠠᠬᠢᠭᠤᠯᠤᠭᠰᠠᠨ ᠪᠠᠶᠢᠨ᠎ᠠ︾ ᠭᠡᠵᠦ ᠰᠠᠭᠤᠭᠠᠯᠢ ᠠᠷᠠᠳ ᠸᠠᠩ ᠸᠧᠢ ᠮᠢᠨ ᠪᠠᠶᠠᠷᠲᠠᠢ ᠶᠠᠷᠢᠪᠠ᠃ | ᠪᠠᠷᠠᠭᠤᠨ ᠦᠵᠦᠮᠦᠴᠢᠨ ᠬᠤᠰᠢᠭᠤᠨ ᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ | ᠠᠵᠢᠯ ᠴᠤ ᠢᠯᠡᠳᠲᠡ ᠠᠮᠵᠢᠯᠲᠠ ᠣᠯᠵᠠᠢ᠃ ᠬᠤᠰᠢᠭᠤ ᠵᠠᠰᠠᠭ ᠤᠨ ᠣᠷᠳᠣᠨ ︽ᠪᠠᠷᠠᠭᠤᠨ ᠦᠵᠦᠮᠦᠴᠢᠨ ᠬᠤᠰᠢᠭᠤᠨ ᠤ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ | ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠡᠯ᠎ᠡ | ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠬᠠᠮᠲᠤᠷᠠᠭᠰᠠᠨ ᠬᠤᠷᠠᠯ ᠤᠨ ᠳᠦᠷᠢᠮ ᠢ | ᠪᠠᠶᠢᠭᠤᠯᠵᠤ᠂ ᠥᠭᠡᠷᠡᠴᠢᠯᠡᠬᠦ ᠢᠨᠵᠧᠨᠧᠷᠢᠩ ᠳᠤ ᠪᠦᠲᠦᠮᠵᠢᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠣ᠂ | ᠣᠶᠢᠷ᠎ᠠ ᠶᠢᠨ ᠲᠠᠪᠤᠨ ᠵᠢᠯ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠶᠠᠪᠤᠴᠠ ᠳᠤ᠂ ᠮᠠᠨ ᠤ ᠬᠤᠰᠢᠭᠤ ᠨᠠᠮ | ᠤᠨ ᠪᠠᠶᠢᠭᠤᠯᠤᠯᠲᠠ ᠪᠠᠷ ︽ᠠᠷᠠᠳ ᠲᠦᠮᠡᠨ ᠳᠤ ᠦᠢᠯᠡᠴᠢᠯᠡᠬᠦ ᠠᠳᠠᠯ ᠠᠬᠤᠢ︾ ᠶᠢ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ︽ᠨᠠᠰᠤᠲᠠᠶᠢᠴᠤᠳ ᠪᠠ ᠬᠡᠦᠬᠡᠳ︾ ᠤᠨ ᠪᠠᠴᠢᠮ᠂ ᠬᠦᠴᠢᠷ᠂ ᠬᠦᠰᠡᠨ ᠬᠦᠯᠢᠶᠡᠵᠦ ᠪᠠᠶᠢᠭ᠎ᠠ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠤᠯ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠡᠷ ᠪᠦᠯᠢ | ᠶᠢᠨ ᠠᠰᠠᠷ᠂ ᠤᠤᠯ ᠤᠨ ᠤᠯᠤᠰ ᠤᠨ ᠭᠠᠵᠠᠷ ᠰᠢᠷᠣᠢ ᠶᠢᠨ ᠲᠣᠪᠴᠢᠶᠠᠨ ᠤ ᠭᠡᠷ ᠪᠦᠯᠢ ᠶᠢᠨ ᠠᠰᠠᠷ ᠵᠡᠷᠭᠡ 4 ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠪᠠ᠃ ᠠᠷᠠᠳ ᠲᠤ ᠲᠥᠬᠦᠮ ᠦᠵᠡᠭᠦᠯᠬᠦ ᠬᠤᠭᠤᠯᠠᠨ ᠭᠡᠷ᠂ ᠰᠠᠭᠤᠭᠠᠯᠢ ᠠᠷᠠᠳ ᠤᠨ | ᠬᠡᠷᠡᠭ ᠵᠥᠪᠯᠡᠬᠦ ᠲᠠᠩᠬᠢᠮ᠂ ᠤᠩᠰᠢᠯᠭ᠎ᠠ ᠶᠢᠨ ᠲᠠᠰᠤᠭ᠂ ᠰᠢᠲᠠᠷ᠎ᠠ ᠶᠢᠨ ᠲᠠᠰᠤᠭ ᠵᠡᠷᠭᠡ ᠴᠢᠳᠠᠮᠵᠢ ᠶᠢᠨ ᠲᠠᠰᠤᠭ ᠢ | ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ᠂ ᠥᠮᠴᠢᠲᠡᠨ ᠤ ᠵᠥᠪᠯᠡᠯ ᠤᠨ ︽ᠭᠤᠷᠪᠠᠨ ᠲᠠᠯ᠎ᠠ ᠪᠠᠷ ᠢᠶᠠᠨ ᠬᠠᠮᠲᠤᠷᠠᠨ ᠬᠥᠳᠡᠯᠦᠯᠴᠡᠬᠦ︾ | ᠲᠣᠭᠲᠠᠴᠠ ᠳᠤ ᠲᠦᠰᠢᠭᠯᠡᠨ᠂ ᠨᠠᠮ ᠤᠨ ᠪᠠᠶᠢᠭᠤᠯᠤᠯᠲᠠ ᠶᠢᠨ ᠬᠤᠲᠠ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠰᠠᠭᠤᠭᠠᠯᠢ | ᠲᠣᠭᠤᠷᠢᠭ ᠤᠨ ᠬᠤᠪᠢᠷᠠᠯᠲᠠ ᠶᠢ ᠦᠨᠡᠨᠬᠦ ᠮᠡᠳᠡᠷᠡᠭᠦᠯᠵᠦ᠂ ᠲᠡᠳᠡᠨ ᠤ ᠬᠠᠨᠤᠮᠵᠢ ᠪᠠ ᠣᠷᠣᠯᠴᠠᠯᠭ᠎ᠠ ᠶᠢ ᠳᠡᠭᠡᠭᠰᠢᠯᠡᠭᠦᠯᠦᠨ᠂ | ᠬᠠᠭᠤᠴᠢᠨ ᠰᠠᠭᠤᠭᠠᠯᠢ ᠲᠣᠭᠤᠷᠢᠭ ᠢ ᠳᠠᠬᠢᠨ ᠠᠮᠢᠵᠢᠷᠠᠯ ᠤᠨ ᠬᠦᠴᠦᠨ ᠲᠠᠢ ᠪᠣᠯᠭᠠᠵᠣ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 40 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠᠷ | ᠲᠥᠯᠥᠪᠯᠡᠵᠦ᠂ ᠨᠡᠶᠢᠲᠡ 45 ᠰᠠᠭᠤᠭᠠᠯᠢ ᠲᠣᠭᠤᠷᠢᠭ ᠢ ᠪᠣᠳᠠᠲᠠᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ | ᠬᠤᠯᠪᠣᠭᠳᠠᠬᠤ ᠪᠠᠷᠢᠯᠭ᠎ᠠ ᠶᠢᠨ ᠲᠠᠯᠠᠪᠠᠶ ᠨᠢ 40.32 ᠲᠦᠮᠡᠨ ᠬᠠᠪᠲᠠᠭᠠᠢ ᠳᠥᠷᠪᠡᠯᠵᠢᠨ ᠮᠧᠲᠷ᠂ ᠰᠠᠭᠤᠭᠠᠯᠢ ᠠᠷᠠᠳ ᠤᠨ | ᠡᠷᠦᠬᠡ ᠶᠢᠨ ᠲᠤᠭ᠎ᠠ ᠨᠢ 4250 ᠡᠷᠦᠬᠡ᠂ ᠠᠰᠠᠷ ᠤᠨ ᠲᠤᠭ᠎ᠠ ᠨᠢ 157 ᠰᠠᠭᠤᠷᠢ ᠪᠠᠶᠢᠵᠤ᠂ ᠨᠡᠶᠢᠲᠡ 1.98 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠬᠤᠯᠪᠣᠭᠳᠠᠨ᠎ᠠ᠃ | 2024 ᠣᠨ ᠳᠤ᠂ ᠪᠠᠷᠠᠭᠤᠨ ᠦᠵᠦᠮᠦᠴᠢᠨ ᠬᠤᠰᠢᠭᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ | ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠣᠷᠣᠭᠤᠯᠵᠤ᠂ 15 ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 3132 ᠲᠦᠮᠡᠨ ᠲᠥᠭᠦᠷᠢᠭ ᠲᠤ | ᠬᠦᠷᠴᠦ᠂ 666 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠡᠢ᠃ ᠥᠭᠡᠷᠡᠴᠢᠯᠡᠬᠦ ᠠᠭᠤᠯᠭ᠎ᠠ ᠳᠤ ᠡᠯ᠎ᠡ ᠲᠥᠷᠥᠯ | ᠤᠨ ᠬᠤᠭᠤᠯᠠᠢ ᠶᠢᠨ ᠲᠣᠣᠷ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠨᠣᠭᠤᠭᠠᠷᠠᠭᠤᠯᠤᠯᠲᠠ ᠪᠣᠯᠣᠨ ᠭᠡᠷᠡᠯᠲᠦᠭᠦᠯᠭᠡ᠂ | ᠴᠠᠬᠢᠯᠭᠠᠨ ᠴᠡᠨᠡᠭᠯᠡᠬᠦ ᠱᠣᠩ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠶᠢ ᠪᠠᠭᠲᠠᠭᠠᠨ᠎ᠠ᠃ ᠲᠥᠷᠥᠯ ᠵᠦᠢᠯ ᠢ | ᠡᠬᠢᠯᠡᠭᠦᠯᠦᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ᠂ ᠪᠠᠷᠢᠯᠭ᠎ᠠ ᠶᠢᠨ ᠨᠢᠭᠡᠴᠡ᠂ ᠰᠣᠮᠣ ᠪᠠᠯᠭᠠᠰᠤᠨ ᠤ ᠵᠠᠰᠠᠭ | ᠤᠨ ᠣᠷᠳᠣᠨ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ ᠲᠠᠪᠤᠨ ᠲᠠᠯ᠎ᠠ ᠶᠢᠨ ᠬᠢᠨᠠᠯᠲᠠ | ᠲᠠᠯᠪᠢᠬᠤ ᠵᠠᠭᠪᠤᠷ ᠢ ᠪᠠᠶᠢᠭᠤᠯᠵᠤ᠂ ᠥᠭᠡᠷᠡᠴᠢᠯᠡᠯᠲᠡ ᠶᠢ ᠰᠡᠳᠬᠢᠯ ᠠᠮᠤᠷ ᠢᠨᠵᠧᠨᠧᠷᠢᠩ ᠪᠣᠯᠭᠠᠬᠤ ᠶᠢ ᠦᠨᠡᠨᠬᠦ ᠪᠠᠲᠤᠯᠠᠵᠠᠢ᠃ | | ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠲᠥᠯᠦᠪᠵᠢᠭᠦᠯᠭᠡ ᠶᠢ ᠲᠠᠰᠤᠷᠠᠯᠲᠠ ᠦᠭᠡᠢ | ᠰᠢᠯᠢᠳᠡᠭᠵᠢᠭᠦᠯᠦᠨ᠂ ᠣᠷᠣᠨ ᠰᠠᠭᠤᠴᠠ ᠶᠢᠨ ᠰᠠᠶᠢᠵᠢᠷᠠᠯᠲᠠ ᠶᠢᠨ ᠳᠤᠮᠳᠠ ᠠᠷᠠᠳ ᠢᠷᠭᠡᠳ ᠤᠨ ᠵᠣᠯ ᠵᠢᠷᠭᠠᠯᠲᠤ | ᠲᠥᠷᠥᠭᠳᠡᠯ ᠢ ᠨᠡᠮᠡᠭᠳᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠨᠡᠩ ᠰᠠᠶᠢᠵᠢᠷᠠᠭᠤᠯᠬᠤ ᠪᠣᠯᠣᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠭᠤᠣᠯ ᠪᠠᠯᠭᠠᠰᠤᠨ ᠤ ᠰᠠᠭᠤᠭᠠᠯᠢᠠᠷᠠᠳ ᠵᠠᠩ ᠹᠧᠩ ᠴᠢ᠄ ︽ | ᠥᠩᠭᠡᠷᠡᠭᠰᠡᠨ ᠳᠤ ᠮᠠᠨ ᠤ ᠥᠪᠡᠷ ᠤᠨ ᠭᠡᠰᠡᠨ ᠣᠷᠣᠨ ᠰᠠᠭᠤᠴᠠ ᠦᠭᠡᠢ ᠪᠠᠶᠢᠵᠠᠢ᠂ 2022 ᠣᠨ ᠳᠤ ᠵᠠᠰᠠᠭ ᠤᠨ | ᠣᠷᠳᠣᠨ ᠠᠴᠠ ᠪᠢᠳᠡᠨ ᠳᠤ ᠣᠷᠣᠨ ᠰᠠᠭᠤᠴᠠ ᠶᠢᠨ ᠠᠰᠠᠭᠤᠳᠠᠯ ᠢ ᠰᠢᠳᠪᠦᠷᠢᠯᠡᠨᠥᠭᠴᠦ᠂ ᠬᠠᠯᠠᠭᠤᠨ ᠳᠣᠯᠠᠭᠠᠨ ᠭᠡᠷ | ᠣᠷᠣᠨ ᠲᠠᠢ ᠪᠣᠯᠭᠠᠵᠠᠢ᠃ ᠲᠤᠶᠢᠯ ᠤᠨ ᠶᠡᠭᠡ ᠪᠠᠷ ᠪᠠᠶᠠᠷᠯᠠᠵᠤ ᠪᠠᠶᠢᠨ᠎ᠠ︾ ᠭᠡᠯᠡ᠃ | ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠪᠦᠦ ᠮᠢᠨ᠄ ︽ᠵᠠᠯᠭᠠᠭᠠᠳ᠂ ᠨᠢᠭᠡ ᠲᠠᠯ᠎ᠠ ᠪᠠᠷ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠣᠲᠣ ᠶᠢᠨ ᠪᠠᠶᠢᠭ᠎ᠠ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠪᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠬᠦᠮᠦᠰ ᠪᠠ ᠰᠢᠨ᠎ᠡ ᠬᠤᠲᠠ ᠶᠢᠨ ᠠᠷᠠᠳ᠂ | ᠵᠠᠯᠠᠭᠤᠴᠤᠳ ᠵᠡᠷᠭᠡ ᠶᠢᠨ ᠠᠮᠤᠷ ᠲᠠᠶᠢᠪᠤᠩ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠨᠦᠭᠦᠭᠡ ᠲᠠᠯ᠎ᠠ ᠪᠠᠷ᠂ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠴᠢᠨᠠᠭᠰᠢᠳᠠ | ᠪᠠᠬᠢᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ᠂ ᠦᠮᠴᠢᠳᠡᠳ ᠤᠨ ᠵᠥᠪᠯᠡᠯ ᠵᠡᠷᠭᠡ ᠭᠤᠷᠪᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠡᠯᠪᠢᠨ ᠵᠠᠰᠠᠬᠤ ᠳᠤᠮᠳᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠬᠢᠨᠠᠨ ᠰᠢᠯᠭᠠᠵᠤ ᠱᠠᠩᠨᠠᠬᠤ ᠠᠷᠭ᠎ᠠ | ᠵᠡᠷᠭᠡ ᠳᠤ ᠲᠦᠰᠢᠭᠯᠡᠨ᠂ ᠠᠳᠠᠯ ᠠᠬᠤᠢ ᠶᠢᠨ ᠠᠵᠤ ᠠᠬᠤᠶᠢᠯᠠᠯ ᠤᠨ ᠬᠠᠭᠤᠴᠢᠨ ᠰᠠᠭᠤᠭᠠᠯᠢ ᠲᠣᠭᠤᠷᠢᠭ ᠤᠨ ᠬᠠᠮᠢᠶᠠᠷᠤᠯᠲᠠ | ᠪᠠ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢᠨ ᠨᠥᠭᠡᠴᠡᠯᠡᠯᠲᠡ ᠶᠢ ᠰᠠᠶᠢᠲᠤᠷ ᠬᠢᠨ᠎ᠡ︾ ᠭᠡᠯᠡ᠃ | |