︽ᠡᠨᠡᠷᠢᠩᠭᠦᠢ ᠠᠨᠢᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠪᠤᠶᠠᠨᠰᠠᠭ ᠦᠢᠯᠡᠰ
ᠨᠡᠶᠢᠲᠡᠯᠡᠭᠰᠡᠨ ᠴᠠᠭ᠄
2025/5/12
    ︽ᠡᠨᠡᠷᠢᠩᠭᠦᠢ ᠠᠨᠢᠶ᠎ᠠ︾ ᠪᠤᠯ 2021 ᠤᠨ ᠳᠤ ᠵᠢᠩᠬᠢᠨᠢ ᠪᠠᠷ ᠪᠠᠶᠢᠭᠤᠯᠥᠠᠠᠳᠠᠭᠰᠠᠨ ᠬᠦᠴᠢᠷᠲᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠨᠢᠭᠡᠪᠦᠷᠢ ᠶᠢ ᠬᠠᠪᠰᠤᠷᠤᠨ ᠲᠡᠮᠵᠢᠳᠡᠭ ᠤᠷᠤᠨ ᠨᠤᠳᠤᠭ ᠲᠠᠭᠠᠨ ᠬᠦᠷᠢᠶᠡᠯᠡᠯᠲᠠᠢ᠂ ᠤᠯᠠᠨ ᠲᠦᠮᠡᠨ ᠳᠡᠭᠡᠨ ᠮᠠᠭᠳᠠᠭᠠᠯᠲᠠᠢ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠤᠮ᠃
        ︽ᠡᠨᠡᠷᠢᠩᠭᠦᠢ ᠠᠨᠢᠶ᠎ᠠ︾ ᠨᠢ ᠠᠵᠢᠯ ᠠᠴᠠ ᠪᠠᠨ ᠠᠮᠠᠷᠠᠭᠰᠠᠨ ᠨᠠᠰᠤᠲᠠᠨ᠂ ᠡᠬᠡᠯ ᠵᠢᠷ ᠤᠨ ᠮᠠᠯᠴᠢᠨ᠂ ᠦᠨᠳᠦᠰᠦᠨ ᠱᠠᠲᠤᠨ ᠤ ᠠᠵᠢᠯᠲᠠᠳ ᠢᠶᠠᠷ ᠪᠦᠷᠢᠯᠳᠦᠵᠦ᠂ ᠵᠠᠯᠠᠭᠤᠴᠤᠳ ᠪᠠᠶᠢᠬᠤ ᠪᠠᠷ ᠪᠠᠷᠠᠬᠤ ᠦᠭᠡᠢ ᠪᠠᠰᠠ ᠳᠠᠯᠠ ᠭᠠᠷᠤᠭᠰᠠᠨ ᠠᠬᠠᠮᠠᠳ ᠨᠠᠰᠤᠳᠠᠳ ᠪᠠᠶᠢᠵᠦ᠂ ᠲᠡᠳᠡᠨ ᠤ ᠵᠠᠷᠢᠮ ᠨᠢ ᠢᠳᠡᠵᠦ ᠤᠤᠭᠤᠬᠤ ᠪᠠᠨ ᠠᠷᠪᠢᠯᠠᠨ ᠰᠤᠷᠤᠯᠭ᠎ᠠ ᠶᠢᠨ ᠲᠡᠳᠬᠦᠮᠵᠢ  ᠶᠢᠨ ᠮᠥᠩᠭᠦ ᠴᠤᠭᠯᠠᠭᠤᠯᠵᠤ᠂ ᠵᠠᠷᠢᠮ ᠨᠢ ᠭᠠᠷ ᠲᠠᠬᠢ ᠠᠵᠢᠯ ᠢᠶᠠᠨ ᠬᠠᠶᠠᠵᠤ᠂ ᠲᠡᠷᠯᠢᠭ ᠭᠤᠳᠤᠯ ᠣᠶᠣᠵᠤ᠂ ᠪᠠᠶᠠᠷ ᠳᠤᠷᠠᠰᠬᠠᠯ ᠤᠨ ᠡᠳᠦᠷ ᠲᠤ ᠪᠠᠰᠠ ᠨᠣᠮ ᠤᠩᠰᠢᠬᠤ ᠵᠡᠷᠭᠡ ᠰᠠᠶᠢᠨ ᠲᠤᠷ᠎ᠠ ᠶᠢᠨ ᠠᠵᠢᠯᠯᠠᠭ᠎ᠠ ᠵᠣᠬᠢᠶᠠᠨ ᠪᠠᠶᠢᠭᠤᠯᠵᠦ᠂ ᠬᠡᠤᠬᠡᠳ ᠤᠳ ᠤᠨ ᠰᠡᠳᠬᠢᠯ ᠢ ᠲᠤᠯᠠᠭᠠᠴᠠᠭᠤᠯᠳᠠᠭ᠃ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ︽ᠡᠨᠡᠷᠢᠩᠭᠦᠢ ᠠᠨᠢᠶ᠎ᠠ︾ ︽ᠲᠠᠭᠠᠭᠠᠴᠢᠯᠠᠭᠰᠠᠨ ᠬᠡᠤᠬᠡᠳ ᠢᠶᠠᠨ ᠬᠠᠶᠢᠷᠠᠯᠠᠨ᠂ ᠠᠬᠠᠮᠠᠳ ᠨᠠᠰᠤᠲᠠᠶᠢᠴᠤᠳ ᠢᠶᠠᠨ ᠲᠤᠯᠠᠭᠠᠴᠠᠭᠤᠯᠬᠤ︾ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠦᠭᠵᠢᠶᠡᠨᠲᠠᠢ ᠶᠠᠪᠤᠭᠳᠠᠯ᠎ᠠ᠃     ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠣᠷᠣᠭᠴᠢ ᠴᠡᠯᠮᠡᠭ ᠪᠤᠯ ᠦᠢ ᠤᠯᠠᠨ ᠲᠤᠰᠠᠯᠠᠮᠵᠢ ᠭᠥᠷᠳᠡᠭᠰᠡᠨ ᠰᠤᠷᠤᠭᠴᠢ ᠶᠢᠨ ᠨᠢᠭᠡ ᠪᠤᠯᠥᠨ᠎ᠠ᠂ ︽ᠡᠨᠡᠷᠢᠩᠭᠦᠢ ᠠᠨᠢᠶ᠎ᠠ︾ ᠨᠠᠷ ᠴᠡᠯᠮᠡᠭ ᠢ ᠬᠤᠶᠠᠳᠤᠭᠠᠷ ᠣᠨ ᠠᠴᠠ ᠨᠢ ᠡᠬᠢᠯᠡᠨ ᠲᠠᠪᠤᠨ ᠵᠢᠯ ᠤᠨ ᠲᠤᠷᠰᠢ ᠵᠢᠯ ᠪᠦᠷᠢ 1200 ᠲᠥᠭᠦᠷᠢᠭ ᠢᠶᠠᠷ ᠲᠤᠰᠠᠯᠠᠭᠰᠠᠭᠠᠷ ᠢᠷᠡᠵᠠᠢ᠃ᠡᠨᠡ ᠬᠦ ᠭᠦᠨ ᠵᠤᠵᠠᠭᠠᠨ ᠬᠠᠶᠢᠷ᠎ᠠ ᠬᠠᠯᠠᠮᠵᠢ ᠨᠢ ᠪᠠᠷᠠᠭᠤᠨ ᠦᠵᠦᠮᠦᠴᠢᠨ ᠬᠤᠰᠢᠭᠤᠨ ᠤ ︽ᠡᠨᠡᠷᠢᠩᠭᠦᠢ ᠠᠨᠢᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠤ ᠴᠢᠷᠮᠠᠶᠢᠯᠭ᠎ᠠ ᠪᠠ ᠪᠠᠷᠢᠮᠲᠠᠯᠠᠯ ᠪᠤᠢ᠃
    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠶᠢᠰᠦᠨ ᠰᠠᠯᠠᠭ᠎ᠠ ᠮᠥᠴᠢᠷ ᠤᠨ ︽ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠥᠰᠥᠯ︾ ᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ 2021 ᠣᠨ ᠠᠴᠠ ᠡᠬᠢᠯᠡᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠵᠢᠷᠤᠮᠵᠢᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠦ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠭᠡᠰᠢᠭᠦᠨ ᠨᠢ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ᠂ ᠡᠮᠡᠭᠲᠡᠢ ᠰᠠᠶᠢᠨ ᠳᠤᠷ᠎ᠠ  ᠶᠢᠨ ᠠᠵᠢᠯᠯᠠᠭᠴᠢ᠂ ᠡᠮᠡᠭᠲᠡᠢ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠡᠯ᠎ᠡ ᠱᠠᠲᠤᠨ ᠤ ᠬᠠᠶᠢᠷ᠎ᠠ ᠬᠠᠯᠠᠮᠵᠢ ᠶᠢᠨ ᠬᠥᠮᠥᠰ ᠢ ᠳᠠᠶᠢᠴᠢᠯᠠᠨ ︽ᠡᠨᠡᠷᠢᠩᠭᠦᠢ ᠠᠨᠢᠶ᠎ᠠ︾ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠪᠠ᠃     ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠨᠢᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠂ ᠣᠯᠠᠨ ᠲᠣᠭᠠᠨ ᠤ ︽ᠡᠨᠡᠷᠢᠩᠭᠦᠢ ᠠᠨᠢᠶ᠎ᠠ︾ ᠪᠠᠷ ᠲᠤᠰᠬᠠᠢ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠵᠤ᠂ ᠬᠦᠴᠦᠨ ᠢᠶᠠᠨ ᠨᠢᠭᠡᠳᠬᠡᠵᠦ ᠪᠠᠶᠢᠭᠠᠳ  ᠬᠦᠴᠢᠷᠳᠡᠯ ᠳᠤ ᠲᠤᠯᠭᠠᠷᠠᠭᠰᠠᠨ ᠬᠡᠦᠬᠡᠳ ᠵᠢᠴᠢ ᠭᠡᠷ ᠪᠦᠯᠢ ᠶᠢ ᠬᠠᠮᠲᠤ ᠪᠠᠷ ᠬᠠᠪᠰᠤᠷᠤᠬᠤ ︽N+1︾ ᠬᠠᠪᠰᠤᠷᠤᠨ ᠲᠡᠳᠬᠦᠬᠦ ᠲᠣᠭᠲᠠᠴᠠ ᠶᠢ ᠰᠢᠨ᠎ᠡ ᠪᠠᠷ ᠡᠭᠦᠳᠦᠨ ᠭᠡᠷᠡᠭᠵᠢᠭᠦᠯᠦᠭᠰᠡᠨ ᠪᠠᠶᠢᠨ᠎ᠠ᠃ ︽ᠡᠨᠡᠷᠢᠩᠭᠦᠢ ᠠᠨᠢᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠠᠩᠬ᠎ᠠ ᠡᠬᠢᠨ ᠳᠡᠭᠡᠨ 28 ᠰᠠᠶᠢᠨ ᠳᠤᠷ᠎ᠠ  ᠶᠢᠨ ᠠᠵᠢᠯᠯᠠᠭᠴᠢ ᠲᠠᠢ  ᠪᠠᠶᠢᠭᠰᠠᠨ ᠢᠶᠠᠨ ᠡᠳᠦᠭᠡ ᠪᠣᠯᠬᠤ ᠳᠤ 724 ᠬᠥᠮᠥᠨ ᠲᠠᠢ  ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠤᠯᠥᠠᠠᠰᠠᠨ ᠪᠠᠶᠢᠨ᠎ᠠ᠃
    ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠨᠠᠩ ᠰᠠᠶᠢᠨ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠬᠥᠲᠥᠯᠥᠨ ᠵᠢᠯᠤᠭᠤᠳᠴᠤ ᠭᠠᠴᠠᠭ᠎ᠠ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠬᠤ ᠪᠠᠷ ᠳᠠᠮᠵᠢᠭᠤᠯᠤᠨ᠂ ᠬᠦᠴᠢᠷᠳᠡᠯ ᠳᠤ ᠲᠤᠯᠭᠠᠷᠠᠭᠰᠠᠨ 184 ᠬᠡᠦᠬᠡᠳ᠂ ᠭᠡᠷ ᠲᠡᠭᠡᠨ ᠬᠤᠴᠣᠷᠤᠭᠰᠠᠨ 8 ᠬᠡᠦᠬᠡᠳ ᠤᠨ ᠦᠰᠦᠨ ᠪᠣᠶᠢᠵᠢᠬᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠨᠠᠷᠢᠨ ᠲᠠᠩᠰᠠ ᠶᠢ ᠪᠠᠶᠢᠭᠤᠯᠵᠤ᠂ ᠪᠠᠰᠠ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ᠂ ᠡᠷᠬᠡ ᠠᠰᠢᠭ ᠢ ᠬᠠᠮᠠᠭᠠᠯᠠᠬᠤ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠲᠠᠯ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠤᠶ ᠪᠣᠯᠭᠠᠵᠠᠢ᠃     ᠲᠠᠪᠤᠨ ᠵᠢᠯ ᠤᠨ ᠬᠤᠭᠤᠴᠠᠭᠠᠨ ᠳᠤ᠂ ︽ᠡᠨᠡᠷᠢᠩᠭᠦᠢ ᠠᠨᠢᠶ᠎ᠠ︾ ᠨᠡᠶᠢᠲᠡ 36 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠵᠤᠭᠤᠰ ᠮᠥᠩᠭᠦ ᠲᠠᠷᠬᠠᠭᠠᠵᠤ᠂ ᠰᠤᠷᠤᠭᠴᠢᠳ ᠲᠤ ᠵᠤᠭᠤᠰ ᠮᠥᠩᠭᠦᠨ ᠤ ᠲᠤᠰᠠᠯᠠᠮᠵᠢ ᠬᠠᠩᠭᠠᠬᠤ ᠠᠴᠠ ᠭᠠᠳᠠᠨ᠎ᠠ ᠪᠠᠰᠠ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠭᠡᠷ ᠤᠨ ᠰᠤᠷᠭᠠᠨ ᠬᠥᠮᠦᠵᠢᠯ ᠤᠨ ᠲᠠᠯ᠎ᠠ ᠪᠠᠷ ᠵᠢᠭᠠᠨ ᠵᠢᠯᠤᠭᠤᠳᠬᠤ᠂ ᠠᠮᠤᠷ ᠲᠦᠪᠰᠢᠨ ᠤ ᠬᠥᠮᠦᠵᠢᠯ ᠬᠢᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠭᠰᠠᠨ ᠪᠠᠶᠢᠨ᠎ᠠ᠃     2023 ᠣᠨ ᠳᠤ᠂ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠪᠠᠷᠠᠭᠤᠨ ᠦᠵᠦᠮᠦᠴᠢᠨ ᠬᠤᠰᠢᠭᠤᠨ ᠤ ᠨᠠᠮ  ᠤᠨ ᠬᠤᠷᠢᠶᠠᠨ ᠤ ᠤᠬᠠᠭᠤᠯᠬᠤ ᠬᠡᠯᠲᠡᠰ ᠤᠨ ︽ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ︾ ᠤᠨ ᠢᠷᠠᠭᠤ ᠠᠯᠳᠠᠷ ᠢ ᠭᠥᠷᠳᠡᠪᠡ᠃ ᠲᠤᠰ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ︽ᠡᠨᠡᠷᠢᠩᠭᠦᠢ ᠠᠨᠢᠶ᠎ᠠ︾ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠠᠩᠭᠢ ᠶᠢ ᠪᠠᠶᠢᠭᠤᠯᠵᠤ᠂ ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠢᠭᠠᠨ ᠵᠢᠯᠤᠭᠤᠳᠴᠤ ᠵᠣᠬᠢᠬᠤ ᠬᠤᠪᠢᠶᠠᠷᠢ ᠪᠠᠭ᠎ᠠ ᠠᠩᠭᠢ ᠪᠠᠶᠢᠭᠤᠯᠵᠤ᠂ ᠬᠠᠯᠠᠮᠵᠢᠯᠠᠨ ᠬᠠᠶᠢᠷᠠᠯᠠᠬᠤ ᠰᠦᠯᠵᠢᠶ᠎ᠡ ᠶᠢ ᠦᠵᠦᠮᠦᠴᠢᠨ ᠲᠠᠯ᠎ᠠ ᠨᠤᠲᠤᠭ ᠤᠨ ᠥᠨᠴᠥᠭ ᠪᠤᠯᠤᠩ ᠪᠣᠯᠭᠠᠨ ᠳᠤ ᠪᠦᠷᠬᠦᠭᠦᠯᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号