ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 117 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 117 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ 4 ᠰᠠᠷ᠎ᠠ ᠶᠢᠨ 25 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠣᠶᠢᠷ᠎ᠠ  ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠵᠤ ᠬᠢᠨᠠᠨ ᠵᠥᠪᠯᠡᠪᠡ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ 4 ᠰᠠᠷ᠎ᠠ ᠶᠢᠨ 25 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ  ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠬᠠᠨᠳᠤᠰᠢ ᠶᠢ ᠰᠠᠶᠢᠲᠤᠷ ᠬᠠᠮᠠᠭᠠᠯᠠᠨ ᠪᠠᠬᠢᠵᠢᠭᠦᠯᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠰᠡᠳᠬᠢᠴᠡ᠂ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠬᠠᠷᠠᠯᠲᠠ ᠡᠭᠦᠷᠭᠡ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠪᠣᠳᠠᠲᠠᠢ ᠲᠤᠤᠱᠯᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠬᠥᠲᠥᠯᠥᠨ ᠳᠠᠭᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠤᠶᠤᠨ ᠤ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠢ ᠣᠨᠣᠪᠴᠢᠲᠠᠢ  ᠡᠵᠡᠮᠳᠡᠨ᠂ ᠪᠣᠳᠠᠲᠤ ᠪᠠᠶᠢᠳᠠᠯ ᠳᠤ ᠰᠠᠭᠤᠷᠢᠯᠠᠨ ᠵᠣᠬᠢᠶᠠᠮᠠᠯ ᠤᠶᠤᠨ ᠪᠣᠯᠣᠨ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠦᠢᠯᠡᠰ᠂ ᠬᠤᠳᠠ ᠶᠢᠨ ᠵᠠᠰᠠᠯᠲᠠ ᠶᠢᠨ ᠤᠶᠠᠯᠳᠤᠯ ᠤᠨ ᠴᠡᠭ ᠪᠣᠯᠣᠨ ᠭᠠᠷᠳᠠᠬᠤ ᠴᠡᠭ ᠢ ᠣᠨᠣᠪᠴᠢᠲᠠᠢ ᠡᠷᠢᠵᠦ᠂ ᠵᠣᠬᠢᠶᠠᠮᠠᠯ ᠤᠶᠤᠨ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ  ᠶᠢ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ  ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠬᠦ ᠤᠯᠤᠰ  ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ᠂ ᠰᠢᠨ᠎ᠡ ᠶᠢ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠰᠢ ᠶᠢᠨ ᠫᠢᠩ ᠤᠨ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠴᠡᠷᠢᠭ ᠢ ᠬᠦᠷᠢᠶᠡᠯᠡᠵᠦ ᠭᠡᠷ ᠪᠦᠯᠢ ᠶᠢ ᠨᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠠᠷᠠᠳ ᠤᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠭᠤᠰᠤᠯᠴᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠵᠤ ᠲᠣᠭᠲᠠᠭᠤᠨ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠵᠡᠷᠭᠡ ᠲᠠᠯ᠎ᠠ ᠪᠠᠷ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠯᠢᠶᠣᠤᠨᠢᠩ ᠤᠨ ᠯᠢᠶᠤᠤᠶᠠᠩ ᠬᠤᠲᠠ ᠶᠢᠨ ᠪᠠᠢ ᠲᠠ ᠲᠣᠭᠤᠷᠢᠭ ᠤᠨ ᠨᠢᠭᠡᠨ ᠵᠣᠴᠢᠳ ᠤᠨ ᠪᠠᠭᠤᠳᠠᠯ ᠤᠨ ᠭᠠᠯ ᠤᠨ ᠠᠳᠡᠯ ᠪᠣᠯᠣᠨ ᠭᠦᠢᠵᠧᠦ ᠶᠢᠨ ᠪᠢᠵᠢᠸ᠋ ᠬᠤᠲᠠ ᠶᠢᠨ ᠵᠢᠭᠤᠯᠴᠢᠯᠠᠯ ᠤᠨ ᠣᠩᠭᠤᠴᠠ ᠬᠥᠷᠪᠡᠭᠰᠡᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠴᠠᠭ ᠢᠮᠠᠭᠲᠠ ᠰᠡᠷᠡᠮᠵᠢᠯᠡᠬᠦ︾ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号