ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/5/12
      2025 ᠣᠨ ᠤ 2 ᠰᠠᠷ᠎ᠠ ᠶᠢᠨ 26 ᠤ ᠡᠳᠦᠷ ᠠᠴᠠ 4 ᠰᠠᠷ᠎ᠠ ᠶᠢᠨ 16 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠤᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ 3 ᠰᠠᠯᠠᠭ᠎ᠠ ᠮᠥᠴᠢᠷ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ 37 ᠬᠤᠶᠠᠳᠤᠭᠠᠷ ᠳᠡᠰ ᠤᠨ ᠨᠢᠭᠡᠴᠡ ᠶᠢᠨ ᠲᠣᠭᠤᠷᠢᠨ ᠪᠠᠶᠢᠴᠠᠭᠠᠯᠲᠠ ᠶᠢ ᠤᠷᠲᠤᠳᠬᠠᠪᠠ᠃ 5 ᠰᠠᠷ᠎ᠠ ᠶᠢᠨ 9 ᠤ ᠡᠳᠦᠷ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠭᠳᠠᠭᠰᠠᠨ ᠨᠢᠭᠡᠴᠡ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠲᠤᠰ ᠲᠤᠰ ᠬᠠᠷᠢᠭᠤ ᠲᠤᠰᠬᠠᠪᠠ᠃ ᠬᠤᠷᠠᠯ ᠳᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ᠂ ᠲᠣᠭᠤᠷᠢᠨ ᠪᠠᠶᠢᠴᠠᠭᠠᠭᠳᠠᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠵᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠣᠱᠯᠠᠭᠤᠯᠵᠣ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠥᠭᠡᠷᠡᠴᠢᠯᠡᠯᠲᠡ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠵᠣ᠂ ᠠᠰᠠᠭᠤᠳᠠᠯ ᠳᠤ ᠵᠥᠪ ᠢᠶᠠᠷ ᠬᠠᠨᠳᠤᠨ᠂  ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠦᠨᠡᠨ ᠬᠦ ᠮᠡᠳᠡᠷᠡᠵᠦ ᠲᠤᠩᠭᠠᠭᠠᠨ ᠪᠣᠳᠣᠯᠬᠢᠯᠠᠵᠤ᠂ ᠨᠢᠭᠡ ᠠᠴᠠ ᠣᠯᠠᠨ ᠢ ᠵᠦᠢᠴᠢᠯᠡᠨ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠨ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ᠵᠥᠪ ᠣᠨᠣᠪᠴᠢᠲᠠᠢ ᠴᠡᠭᠴᠡᠯᠡᠨ ᠵᠠᠰᠠᠵᠤ᠂ ᠦᠨᠳᠦᠰᠦᠨ ᠠᠴᠠ ᠨᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠭᠳᠠᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠂ ᠤᠳᠤᠷᠢᠳᠬᠤ ᠪᠠᠭ ᠤᠨ ᠪᠦᠷᠢᠯᠳᠦᠭᠦᠨ ᠨᠢ ︽ᠨᠢᠭᠡ ᠠᠵᠢᠯ ᠤᠨ ᠪᠠᠶᠢᠷᠢ  ᠳᠤ ᠬᠤᠶᠠᠷ ᠬᠠᠷᠢᠭᠤᠴᠠᠯᠭ᠎ᠠ ᠲᠠᠢ︾ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠬᠡᠪᠴᠢᠶᠡᠨ ᠤ ᠪᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠶᠢᠲᠤᠷ ᠠᠳᠬᠤᠵᠤ᠂ ᠪᠤᠢ ᠪᠦᠬᠦᠢ ᠠᠰᠠᠭᠤᠳᠠᠯ ᠳᠤ ᠴᠥᠮ ᠦᠷ᠎ᠡ ᠳ᠋ᠦᠩ ᠲᠠᠢ ᠪᠠᠶᠢᠵᠤ᠂ ᠶᠠᠰᠤ ᠴᠢᠨᠠᠷ ᠢ ᠪᠠᠲᠤᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠭᠳᠠᠭᠰᠠᠨ ᠨᠢᠭᠡᠴᠡ ᠲᠠᠢ ᠬᠠᠮᠲᠤᠪᠠᠷ ᠬᠦᠴᠦᠯᠡᠵᠦ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠣᠶᠢᠯᠠᠭᠠᠭᠳᠠᠬᠤᠨ᠂ ᠠᠷᠭ᠎ᠠ ᠬᠡᠯᠪᠡᠷᠢ ᠶᠢᠨ ᠲᠠᠯ᠎ᠠ ᠪᠠᠷ ᠢᠳᠡᠪᠬᠢᠲᠡᠢ ᠰᠢᠨ᠎ᠡ ᠶᠢ ᠡᠭᠦᠳᠴᠦ᠂ ᠲᠠᠰᠤᠷᠠᠯᠲᠠ ᠦᠭᠡᠢ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠬᠡᠷᠡᠭᠲᠡᠢ ᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号