5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ | ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠤᠰᠬᠠᠢ ᠰᠡᠳᠦᠪᠲᠦ | ᠲᠠᠶᠢᠯᠤᠮᠵᠢ ᠶᠢᠨ ᠬᠤᠷᠠᠯ ᠬᠤᠷᠠᠯᠳᠤᠭᠤᠯᠵᠤ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠭᠤᠣᠯ | ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠰᠠᠯᠠᠭᠠᠨ ᠲᠠᠰ ᠠᠴᠠ ᠳᠡᠭᠡᠭᠰᠢᠬᠢ 110 ᠭᠠᠷᠤᠢ ᠺᠠᠳ᠋ᠷ ᠬᠤᠷᠠᠯ ᠳᠤ | ᠣᠷᠣᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠯᠢ ᠰᠢᠤᠸᠠᠢ ᠶᠢᠩ ᠬᠤᠷᠠᠯ ᠡᠷᠭᠢᠯᠡᠪᠡ᠃ | ᠲᠤᠰ ᠤᠳᠠᠭᠠᠨ ᠤ ᠲᠠᠶᠢᠯᠤᠮᠵᠢ ᠳᠤ ᠥᠪᠡᠷᠲᠡᠭᠡᠨ ᠵᠠᠰᠠᠬᠤ ᠣᠷᠣᠨ ᠤ ᠪᠧᠢ ᠴᠧᠨ ᠣᠶᠤᠨ ᠤ ᠬᠥᠮᠥᠷᠭᠡ ᠶᠢᠨ | ᠲᠤᠰᠬᠠᠢ ᠮᠡᠷᠭᠡᠵᠢᠯᠲᠡᠨ ᠸᠧᠨ ᠹᠧᠩ ᠢ ᠲᠤᠰᠬᠠᠶᠢᠯᠠᠨ ᠤᠷᠢᠵᠤ᠂ ︽︿ᠠᠷᠪᠠᠨ ᠲᠠᠪᠤᠳᠤᠭᠠᠷ ᠲᠠᠪᠤᠨ ᠵᠢᠯ﹀ ᠤᠨ | ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠣᠳᠣᠯᠬᠢᠯᠠᠯ︾ ᠭᠡᠬᠦ ᠰᠡᠳᠦᠪ ᠢᠶᠠᠷ ᠲᠠᠶᠢᠯᠤᠮᠵᠢ ᠬᠢᠯᠭᠡᠪᠡ᠃ | ᠲᠠᠶᠢᠯᠤᠮᠵᠢ ᠳᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠶᠡᠷᠦᠩᠬᠡᠢ | ᠰᠡᠳᠬᠢᠮᠵᠢ ᠪᠣᠯᠣᠨ ᠴᠢᠬᠤᠯᠠ ᠶᠡᠭᠡ ᠲᠥᠷᠥᠯ ᠵᠦᠢᠯ ᠤᠨ ᠲᠥᠰᠥᠪᠯᠡᠯ ᠲᠠᠢ ᠤᠶᠠᠯᠳᠤᠭᠤᠯᠤᠨ᠂ | ᠲᠥᠯᠦᠪᠵᠢᠭᠦᠯᠭᠡ ᠶᠢᠨ ᠠᠬᠤᠢ ᠪᠠᠶᠢᠳᠠᠯ᠂ ᠭᠤᠣᠯᠳᠠᠯᠭ᠎ᠠ᠂ ᠲᠥᠷᠥᠯ ᠵᠦᠢᠯ ᠤᠨ ᠲᠥᠯᠦᠪᠵᠢᠭᠦᠯᠭᠡ ᠶᠢᠨ | ᠦᠨᠳᠦᠰᠦᠯᠡᠯ ᠵᠡᠷᠭᠡ ᠲᠤᠯᠤᠭᠠᠨ ᠲᠠᠯ᠎ᠠ ᠠᠴᠠ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠢ | ᠲᠠᠶᠢᠯᠪᠤᠷᠢᠯᠠᠭᠰᠠᠨ ᠪᠥᠭᠡᠳ ᠪᠠᠷᠠᠭᠤᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠲᠥᠷᠥᠯ | ᠵᠦᠢᠯ ᠤᠨ ᠲᠥᠯᠦᠪᠵᠢᠭᠦᠯᠭᠡ ᠶᠢᠨ ᠭᠤᠣᠯᠳᠠᠯᠭ᠎ᠠ᠂ ᠰᠡᠳᠬᠢᠮᠵᠢ ᠪᠠ ᠴᠢᠭᠯᠡᠯ ᠤᠨ ᠲᠣᠭᠤᠷᠢᠨ ᠳᠤ᠂ ᠪᠠᠷᠠᠭᠤᠨ | ᠦᠵᠦᠮᠦᠴᠢᠨ ᠬᠤᠰᠢᠭᠤᠨ ᠤ ᠢᠷᠡᠭᠡᠳᠦᠢ ᠶᠢᠨ ᠬᠥᠭᠵᠢᠯᠲᠡ ᠳᠤ ᠠᠯᠤᠰ ᠬᠡᠲᠦ ᠶᠢᠨ ᠴᠢᠨᠠᠷᠲᠠᠢ᠂ ᠬᠠᠨᠳᠤᠯᠭᠠᠲᠤ | ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠰᠡᠳᠬᠢᠮᠵᠢ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠬᠤᠷᠠᠯ ᠳᠤ ᠴᠢᠬᠤᠯᠠᠴᠢᠯᠠᠭᠰᠠᠨ ᠨᠢ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠬᠤ ᠬᠡᠷᠡᠭᠲᠡᠢ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠷᠠᠭᠤᠨ ᠦᠵᠦᠮᠦᠴᠢᠨ ᠬᠤᠰᠢᠭᠤ ᠨᠢ ᠠᠮᠢ ᠠᠬᠤᠢ | ᠶᠢᠨ ᠬᠠᠮᠠᠭᠠᠯᠠᠯᠲᠠ᠂ ᠠᠵᠤ ᠦᠢᠯᠡᠰ ᠤᠨ ᠲᠠᠰ ᠳᠠᠪᠰᠢᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ | ᠲᠠᠯ᠎ᠠ ᠳᠤ ᠢᠯᠡᠳᠲᠡ ᠠᠮᠵᠢᠯᠲᠠ ᠣᠯᠣᠭᠰᠠᠨ ᠪᠣᠯᠪᠠᠴᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ | ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠬᠦᠷᠦᠯᠴᠡᠬᠦ ᠦᠭᠡᠢ ᠪᠠᠶᠢᠬᠤ ᠵᠡᠷᠭᠡ ᠰᠢᠯᠭᠠᠯᠲᠠ ᠳᠤ ᠮᠥᠨ ᠬᠦ | ᠲᠤᠯᠭᠠᠷᠠᠵᠤ ᠪᠠᠶᠢᠨ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠪᠣᠯ ᠵᠠᠩᠭᠢᠯᠠᠭ᠎ᠠ ᠶᠢᠨ ᠪᠣᠭᠤᠮᠲᠠ ᠰᠢᠪᠲᠤᠯᠬᠤ | ᠬᠤᠭᠤᠴᠠᠭ᠎ᠠ ᠪᠣᠯᠣᠨ᠎ᠠ᠂ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠂ ᠪᠦᠬᠦ ᠬᠤᠰᠢᠭᠤ ᠪᠠᠷ ᠢᠶᠠᠨ ᠲᠠᠶᠢᠯᠤᠮᠵᠢ ᠳᠠᠬᠢ ᠣᠶᠢᠯᠠᠭᠠᠭᠳᠠᠬᠤᠨ ᠢ | ᠬᠥᠭᠵᠢᠯᠲᠡ ᠶᠢᠨ ᠵᠢᠷᠤᠭ ᠲᠥᠰᠥᠪ ᠪᠣᠯᠭᠠᠨ ᠬᠤᠪᠢᠷᠠᠭᠤᠯᠬᠤ ᠴᠢᠬᠤᠯᠠᠲᠠᠢ᠃ ᠬᠤᠶᠠᠷ ᠲᠤ᠂ ᠵᠠᠩᠭᠢᠯᠠᠭ᠎ᠠ ᠶᠢᠨ | ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠢᠪᠲᠤᠯᠤᠯᠲᠠ ᠶᠢᠨ ᠴᠢᠭᠯᠡᠯ ᠢ | ᠲᠣᠳᠣᠷᠬᠠᠶᠢᠯᠠᠬᠤ ᠬᠡᠷᠡᠭᠲᠡᠢ᠃ ᠠᠵᠤ ᠦᠢᠯᠡᠰ ᠢ ᠳᠡᠰ ᠳᠡᠪᠰᠢᠭᠦᠯᠬᠦ ᠪᠠᠷ ᠭᠤᠣᠯ ᠪᠣᠯᠭᠠᠵᠤ᠂ ᠨᠡᠷᠨ ᠰᠠᠯᠬᠢᠨ ᠤ | ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠨᠠᠷᠠ ᠰᠠᠯᠬᠢᠨ ᠤ ᠡᠨᠧᠷᠭᠢ᠂ ᠢᠯᠴᠢ ᠶᠢᠨ | ᠴᠠᠬᠢᠯᠭᠠᠨ᠂ ᠤᠰᠤᠲᠥ᠋ᠷᠥᠭᠴᠢ ᠡᠨᠧᠷᠭᠢ ᠪᠣᠯᠣᠨ ᠡᠨᠧᠷᠭᠢ ᠬᠠᠳᠠᠭᠠᠯᠠᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ | ᠪᠠᠶᠢᠷᠢᠰᠢᠭᠤᠯᠵᠤ᠂ ︽ᠪᠣᠬᠢᠷᠲᠤᠯ ᠦᠭᠡᠢ︾ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ︽ᠠᠮᠢ | ᠠᠬᠤᠶᠢᠴᠢ ᠮᠠᠯ ᠠᠵᠤ ᠠᠬᠤᠢ︾ ᠶᠢ ᠨᠠᠷᠢᠯᠢᠭ ᠡᠵᠡᠩᠨᠡᠵᠦ᠂ ᠲᠠᠷᠢᠶᠠᠯᠠᠩ ᠮᠠᠯ ᠠᠵᠤ ᠠᠬᠤᠢ ᠬᠢᠭᠡᠳ ᠰᠣᠶᠣᠯ | ᠵᠢᠭᠤᠯᠴᠢᠯᠠᠯ᠂ ᠡᠷᠡᠭᠦᠯ ᠡᠩᠬᠡ ᠪᠣᠯᠣᠨ ᠨᠠᠰᠤᠲᠠᠶᠢᠴᠤᠳ ᠤᠨ ᠠᠰᠠᠷᠠᠮᠵᠢ ᠶᠢᠨ ᠠᠭᠤᠰᠤᠯᠴᠠᠯ ᠢ ᠠᠬᠢᠭᠤᠯᠬᠤ | ᠬᠡᠷᠡᠭᠲᠡᠢ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠵᠦ᠂ ︽ᠰᠢᠯᠢ ᠶᠢᠨ ᠭᠤᠣᠯ ᠤᠨ ᠮᠢᠩᠭᠠᠨ | ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ︾ ᠳᠤ ᠠᠭᠤᠰᠤᠯᠴᠠᠭᠤᠯᠤᠨ᠂ ᠲᠠᠯ᠎ᠠ ᠨᠤᠲᠤᠭ ᠤᠨ ︽ | 99 ᠨᠣᠮᠧᠷᠲᠤ︾ ᠵᠠᠰᠠᠮᠠᠯ ᠵᠠᠮ ᠵᠢᠴᠢ ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠪᠣᠶ ᠪᠣᠯᠭᠠᠵᠤ᠂ ᠲᠠᠯ᠎ᠠ | ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ ᠬᠡᠷᠡᠭᠲᠡᠢ᠃ ᠠᠵᠤ ᠠᠬᠤᠶᠢᠯᠠᠯ᠂ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢ ᠬᠠᠷᠢᠯᠴᠠᠨ | ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠬᠥᠭᠵᠢᠯᠲᠡ ᠶᠢᠨ ᠬᠠᠮᠲᠤᠷᠠᠭᠰᠠᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠨᠢ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ ᠲᠥᠰᠥᠯ ᠲᠣᠭᠲᠠᠭᠠᠨ᠂ ᠠᠬᠢᠭᠤᠯᠬᠤ ᠲᠣᠭᠲᠠᠴᠠ | ᠶᠢ ᠪᠦᠷᠢᠨᠰᠢᠭᠦᠯᠵᠦ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠲᠣᠭᠲᠠᠮᠠᠯ ᠬᠤᠭᠤᠴᠠᠭ᠎ᠠ ᠲᠠᠢ ᠪᠠᠷ | ᠰᠤᠳᠤᠯᠤᠨ ᠰᠢᠢᠳᠪᠦᠷᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ | ᠲᠠᠢ ᠡᠭᠦᠷᠭᠡ ᠶᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ |