5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠬᠦᠷᠢᠶᠡᠯᠡᠩ | ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠢ ᠠᠬᠢᠭᠤᠯᠬᠤ᠂ ᠬᠦᠴᠦᠨ ᠵᠦᠢᠯ ᠢ | ᠪᠠᠲᠤᠯᠠᠬᠤ ᠵᠡᠷᠭᠡ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠵᠦ᠂ ᠪᠠᠶᠠᠨᠬᠤᠸᠠ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠪᠠ᠃ | ᠶᠣᠣ ᠬᠤᠩ ᠭᠠᠩ ᠱᠠᠭᠠᠷᠳᠠᠭᠰᠠᠨ ᠨᠢ᠂ ᠨᠢᠭᠡ ᠳᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠰᠠᠭᠤᠷᠢ ᠪᠡᠯᠡᠳᠬᠡᠮᠵᠢ ᠶᠢᠨ ᠳᠤᠲᠠᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ᠂ ᠬᠤᠭᠤᠯᠠᠢ ᠶᠢᠨ ᠲᠣᠣᠷ᠂ | ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠢᠵᠢ ᠪᠦᠷᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠣᠳᠣᠬᠢ | ᠠᠵᠤ ᠦᠢᠯᠡᠰ ᠤᠨ ᠰᠠᠭᠤᠷᠢ ᠵᠢᠴᠢ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠪᠠᠶᠠᠨᠬᠤᠸᠠ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢᠳᠠᠮᠵᠢ ᠶᠢ ᠲᠣᠳᠣᠷᠬᠠᠶᠢᠯᠠᠵᠤ᠂ ᠣᠶᠢᠷ᠎ᠠ ᠶᠢᠨ ᠬᠤᠭᠤᠴᠠᠭ᠎ᠠ ᠵᠢᠴᠢ | ᠠᠯᠤᠰ ᠬᠡᠲᠦ ᠶᠢᠨ ᠬᠥᠭᠵᠢᠯᠲᠡ ᠶᠢᠨ ᠬᠠᠷᠠᠯᠲᠠ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠬᠡᠷᠡᠭᠲᠡᠢ᠃ | ᠬᠤᠶᠠᠷ ᠲᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠠᠲᠠᠬᠤ ᠠᠵᠢᠯ ᠢ ᠴᠢᠩᠭ᠎ᠠ ᠠᠳᠬᠤᠵᠤ᠂ | ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ | ᠨᠥᠬᠦᠪᠦᠷᠢᠯᠡᠬᠦ ᠶᠢ ᠠᠩᠬᠠᠷᠴᠤ᠂ ᠬᠥᠲᠥᠴᠢ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠲᠥᠷᠥᠯ ᠵᠦᠢᠯ ᠢ ᠵᠥᠪᠳᠡᠯᠴᠡᠨ ᠶᠠᠷᠢᠯᠴᠠᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠥᠷᠥᠯ | ᠵᠦᠢᠯ ᠤᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠯᠡᠭᠡ ᠶᠣᠰᠣᠭᠠᠷ ᠠᠵᠢᠯ ᠡᠬᠢᠯᠡᠭᠦᠯᠬᠦ ᠪᠠ | ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠡᠯᠧᠮᠧᠨ᠋ᠲ ᠤᠨ ᠪᠠᠲᠤᠯᠠᠭ᠎ᠠ ᠶᠢ | ᠭᠦᠨᠵᠡᠭᠡᠶᠢᠷᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠭᠠᠵᠠᠷ ᠰᠢᠷᠣᠢ ᠶᠢ | ᠨᠥᠭᠡᠴᠡᠯᠡᠬᠦ ᠪᠠ ᠡᠷᠴᠢᠮᠵᠢᠭᠦᠯᠦᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ᠂ ᠭᠠᠵᠠᠷ ᠰᠢᠷᠣᠢ ᠶᠢ ᠲᠠᠲᠠᠪᠤᠷᠢᠯᠠᠨ | ᠰᠢᠯᠵᠢᠭᠦᠯᠬᠦ ᠵᠢᠴᠢ ᠭᠠᠵᠠᠷ ᠰᠢᠷᠣᠢ ᠶᠢᠨ ᠲᠥᠷᠥᠯ ᠳᠤ ᠲᠣᠬᠢᠷᠠᠭᠤᠯᠤᠯᠲᠠ ᠬᠢᠬᠦ ᠶᠢ ᠤᠷᠢᠳᠴᠢᠯᠠᠨ ᠰᠦᠪᠡᠭᠴᠢᠯᠡᠵᠦ᠂ | ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ | ᠲᠠᠢ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ᠂ ᠲᠤᠰᠬᠠᠢ ᠵᠢᠭᠡᠯᠡᠯᠭᠡ ᠶᠢᠨ | ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠢ | ᠰᠦᠪᠡᠭᠴᠢᠯᠡᠵᠦ ᠪᠡᠯᠡ ᠮᠥᠩᠭᠦ ᠶᠢᠨ ᠲᠠᠯ᠎ᠠ ᠶᠢᠨ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ᠃ ᠬᠦᠷᠢᠶᠡᠯᠡᠩ ᠲᠣᠭᠤᠷᠢᠭ | ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ︽ᠬᠠᠮᠢᠶᠠᠷᠤᠯᠲᠠ ᠶᠢᠨ ᠵᠥᠪᠯᠡᠯ + | ᠺᠣᠮᠫᠠᠨᠢ︾ ᠶᠢᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ | ᠬᠡᠷᠡᠭᠲᠡᠢ᠃ ᠳᠥᠷᠪᠡ ᠳᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠥᠭᠵᠢᠯᠲᠡ ᠪᠣᠯᠣᠨ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠮᠤᠷ ᠲᠦᠪᠰᠢᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠭᠡᠬᠦ ᠵᠢᠴᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ | ᠪᠠᠲᠤᠳᠬᠠᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠰᠥᠪ ᠢ ᠨᠠᠶᠢᠷᠠᠭᠤᠯᠤᠨ | ᠵᠣᠬᠢᠶᠠᠬᠤ ᠠᠵᠢᠯ ᠢ ᠰᠢᠯᠢᠳᠡᠭᠵᠢᠭᠦᠯᠦᠨ᠂ ᠪᠡᠯᠡ ᠮᠥᠩᠭᠦ ᠶᠢ ᠵᠠᠩᠭᠢᠯᠠᠭ᠎ᠠ ᠶᠢᠨ ᠬᠦᠷᠢᠶᠡᠨ ᠳᠤ ᠨᠠᠷᠢᠯᠢᠭ ᠣᠨᠣᠪᠴᠢᠲᠠᠢ | ᠬᠡᠷᠡᠭᠯᠡᠬᠦ ᠶᠢ ᠦᠨᠡᠨ ᠬᠦ ᠪᠠᠲᠤᠯᠠᠵᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠪᠠ ᠡᠬᠢ ᠪᠠᠶᠠᠯᠢᠭ ᠢ ᠪᠦᠷᠢᠯᠭᠡᠨ | ᠰᠦᠢᠳᠬᠡᠬᠦ ᠠᠴᠠ ᠰᠡᠷᠭᠡᠶᠢᠯᠡᠬᠦ ᠬᠡᠷᠡᠭᠲᠡᠢ ᠭᠡᠵᠡᠢ᠃ | ᠶᠣᠣ ᠬᠤᠩ ᠭᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢ ︽ᠨᠢᠭᠡ ᠬᠥᠯᠭᠡ ᠰᠢᠲᠠᠷ᠎ᠠ︾ ᠶᠢᠨ | ᠤᠬᠠᠮᠰᠠᠷ ᠢ ᠪᠣᠶ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠭᠤᠣᠯ ᠲᠤᠯᠭᠠᠭᠤᠷᠢᠯᠠᠯ | ᠬᠠᠩᠭᠠᠬᠤ ᠬᠡᠷᠡᠭᠲᠡᠢ ᠭᠡᠵᠡᠢ᠃ | | |