ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ ᠬᠤᠭᠤᠯᠠ ᠤᠮᠳᠠ ᠶᠢᠨ ᠵᠠᠷᠤᠳᠠᠯ ᠤᠨ | ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠬᠤ ᠶᠢᠨ | ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠭᠡᠷ ᠪᠦᠯᠢ ᠪᠣᠯᠣᠨ | ᠰᠤᠷᠭᠠᠭᠤᠯᠢ ᠬᠠᠮᠵᠢᠯᠴᠠᠬᠤ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠪᠠᠷ ᠭᠠᠷᠳᠠᠴᠠ ᠪᠣᠯᠭᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠡᠢ᠃ ᠡᠭᠦᠨ ᠳᠤ᠂ ᠪᠠᠷᠠᠭᠤᠨ | ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠷ ᠤᠨ | ᠠᠬᠠᠮᠠᠳ ᠤᠨ ᠬᠢᠨᠠᠯᠲᠠ ᠲᠠᠯᠪᠢᠬᠤ ᠵᠥᠪᠯᠡᠯ ᠤᠨ ᠦᠢᠯᠡᠳᠦᠯᠭᠡ ᠶᠢᠨ ᠰᠦᠪᠡᠭᠴᠢᠯᠡᠯᠲᠡ ᠨᠢ ᠪᠥᠬᠦ ᠬᠤᠰᠢᠭᠤᠨ ᠤ ᠭᠡᠷ | ᠪᠦᠯᠢ ᠰᠤᠷᠭᠠᠭᠤᠯᠢ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠬᠤ ᠠᠮᠢᠳᠤᠯᠢᠭ ᠵᠢᠱᠢᠶ᠎ᠡ ᠪᠣᠯᠤᠭᠰᠠᠨ | ᠪᠠᠶᠢᠨ᠎ᠠ᠃ | ᠰᠤᠷᠪᠤᠯᠵᠢᠯᠠᠭᠴᠢ ᠰᠤᠷᠭᠠᠭᠤᠯᠢ ᠳᠤ ᠬᠦᠷᠬᠦ ᠳᠤ᠂ ᠭᠡᠷ ᠤᠨ ᠠᠬᠠᠮᠠᠳ ᠤᠨ ᠬᠢᠨᠠᠯᠲᠠ ᠲᠠᠯᠪᠢᠬᠤ ᠵᠥᠪᠯᠡᠯ ᠤᠨ | ᠬᠢᠨ ᠶᠠᠭ ︽ᠡᠭᠦᠷᠭᠡ ᠲᠤᠰᠢᠶᠠᠯ ᠢᠶᠠᠨ ᠭᠦᠢᠴᠡᠳᠬᠡᠵᠦ︾᠂ ᠲᠤᠬᠠᠢ ᠶᠢᠨ ᠡᠳᠦᠷ ᠤᠨ ᠬᠤᠳᠠᠯᠳᠤᠨ ᠠᠪᠤᠭᠰᠠᠨ | ᠢᠳᠡᠭᠡᠨ ᠤ ᠮᠠᠲ᠋ᠧᠷᠢᠶᠠᠯ ᠢ ᠨᠠᠷᠢᠨ ᠨᠢᠮᠪᠠᠢ ᠪᠠᠶᠢᠴᠠᠭᠠᠨ ᠰᠢᠯᠭᠠᠵᠤ᠂ ᠢᠳᠡᠰᠢᠨ ᠨᠣᠭᠤᠭᠠᠨ ᠤ ᠰᠢᠨ᠎ᠡ ᠰᠣᠷᠭᠤᠭ | ᠡᠰᠡᠬᠦ ᠠᠴᠠ ᠮᠢᠬᠠᠨ ᠤ ᠵᠦᠢᠯ ᠤᠨ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠬᠦᠷᠲᠡᠯ᠎ᠡ ᠡᠯ᠎ᠡ ᠨᠠᠷᠢᠨ ᠵᠦᠢᠯᠡᠰ ᠢ | ᠣᠷᠬᠢᠭᠳᠠᠭᠤᠯᠬᠤ ᠦᠭᠡᠢ ᠪᠠᠶᠢᠴᠠᠭᠠᠵᠤ ᠪᠠᠶᠢᠯ᠎ᠠ᠃ ᠨᠢᠭᠡ ᠭᠡᠷ ᠤᠨ ᠠᠬᠠᠮᠠᠳ ᠤᠨ ᠲᠥᠯᠥᠭᠡᠯᠡᠭᠴᠢ᠄ ︽ | ᠥᠩᠭᠡᠷᠡᠭᠰᠡᠨ ᠳᠤ ᠬᠡᠦᠬᠡᠳ ᠤᠨ ᠬᠤᠭᠤᠯᠠ ᠨᠢ ᠡᠷᠡᠭᠦᠯ ᠪᠤᠰᠤ ᠪᠠᠶᠢᠵᠤ ᠮᠠᠭᠠᠳ ᠭᠡᠵᠦ ᠠᠶᠤᠵᠤ ᠪᠠᠶᠢᠭᠰᠠᠨ᠂ ᠣᠳᠣ | ᠥᠪᠡᠷ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠳᠤ ᠣᠷᠣᠯᠴᠠᠵᠤ᠂ ᠢᠳᠡᠭᠡᠨ ᠤ ᠮᠠᠲ᠋ᠧᠷᠢᠶᠠᠯ ᠨᠢ | ᠰᠢᠨ᠎ᠡ ᠰᠣᠷᠭᠤᠭ᠂ ᠬᠤᠭᠤᠯᠠ ᠤᠮᠳᠠ ᠪᠡᠯᠡᠳᠬᠡᠬᠦ ᠶᠠᠪᠤᠴᠠ ᠨᠢ ᠵᠢᠷᠦᠮᠵᠢᠭᠤᠨ ᠪᠠᠶᠢᠭ᠎ᠠ ᠶᠢ ᠦᠵᠡᠭᠡᠳ ᠰᠠᠨᠠᠭ᠎ᠠ | ᠠᠮᠤᠷ ᠪᠣᠯᠵᠠᠢ︾ ᠭᠡᠯᠡ᠃ ᠰᠤᠷᠭᠠᠭᠤᠯᠢ ᠨᠤᠭᠤᠳ ᠨᠢ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠢ | ᠴᠡᠭᠴᠡᠯᠡᠨ ᠵᠠᠰᠠᠬᠤ ᠱᠠᠭᠠᠷᠳᠠᠯᠭ᠎ᠠ ᠶᠢ ᠢᠳᠡᠪᠬᠢᠲᠡᠢ ᠳᠠᠭᠠᠵᠤ᠂ ︽ᠢᠯᠡ︾ ᠢᠨᠵᠧᠨᠧᠷᠢᠩ ᠢ ᠬᠡᠷᠡᠭᠵᠢᠭᠦᠯᠦᠨ᠂ | ᠳᠦᠷᠰᠦ ᠰᠢᠩᠭᠡᠭᠡᠬᠦ ᠮᠠᠰᠢᠨ ᠪᠠ ᠦᠵᠡᠭᠦᠯᠦᠯᠭᠡ ᠶᠢᠨ ᠳᠡᠯᠭᠡᠴᠡ ᠪᠠᠷ ᠠᠷᠤ ᠲᠠᠯ᠎ᠠ ᠶᠢᠨ ᠴᠡᠪᠡᠷᠯᠡᠬᠦ᠂ | ᠪᠣᠯᠪᠠᠰᠤᠷᠠᠭᠤᠯᠬᠤ᠂ ᠬᠤᠭᠤᠯᠠ ᠬᠢᠬᠦ ᠵᠡᠷᠭᠡ ᠪᠥᠬᠦ ᠶᠠᠪᠤᠴᠠ ᠶᠢ ᠢᠯᠡ ᠪᠣᠯᠭᠠᠵᠤ᠂ ᠭᠡᠷ ᠤᠨ ᠠᠬᠠᠮᠠᠳ ᠪᠠ ᠪᠠᠭᠰᠢ | ᠰᠤᠷᠤᠭᠴᠢᠳ ᠴᠠᠭ ᠲᠤᠬᠠᠢ ᠳᠤᠨᠢ ᠬᠢᠨᠠᠯᠲᠠ ᠲᠠᠯᠪᠢᠵᠤ ᠪᠣᠯᠬᠤ ᠪᠣᠯᠪᠠ᠃ ᠡᠭᠦᠨ ᠤ ᠬᠠᠮᠲᠤ᠂ ᠢᠳᠡᠭᠡᠨ ᠤ | ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠵᠤ᠂ ᠭᠡᠷ ᠤᠨ ᠠᠬᠠᠮᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠢᠳᠡᠭᠡᠨ ᠤ | ᠠᠮᠤᠷ ᠲᠦᠪᠰᠢᠨ ᠤ ᠪᠣᠯᠪᠠᠰᠤᠷᠠᠯ ᠳᠤ ᠣᠷᠣᠯᠴᠠᠭᠤᠯᠵᠤ᠂ ᠰᠠᠨᠠᠯ ᠢ ᠬᠠᠷᠢᠭᠤ ᠲᠤᠰᠬᠠᠬᠤ ᠳᠥᠭᠦᠮ ᠳᠥᠲᠡ ᠠᠷᠭ᠎ᠠ | ᠵᠠᠮ ᠢ ᠪᠠᠶᠢᠭᠤᠯᠤᠨ᠂ ᠭᠡᠷ ᠤᠨ ᠠᠬᠠᠮᠠᠳ ᠤᠨ ᠰᠠᠨᠠᠭᠤᠯᠭ᠎ᠠ ᠶᠢ ᠦᠨᠳᠦᠰᠦᠯᠡᠨ ᠢᠳᠡᠭᠡᠨ ᠤ ᠴᠠᠳᠢᠭ ᠬᠢᠭᠡᠳ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃ | ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠭᠠᠨ ᠬᠥᠮᠦᠵᠢᠯ ᠤᠨ | ᠶᠠᠮᠤᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠣᠬᠢᠶᠠᠨ ᠪᠠᠶᠢᠭᠤᠯᠤᠨ ᠢᠯᠡ ᠪᠠᠷ | ᠡᠯᠰᠡᠬᠦ᠂ ᠬᠢᠷᠢ ᠬᠡᠮ ᠢ ᠬᠢᠨᠠᠨ ᠬᠠᠷᠭᠤᠭᠤᠯᠬᠤ ᠵᠡᠷᠭᠡ ᠶᠠᠪᠤᠴᠠ ᠪᠠᠷ ᠳᠠᠮᠵᠢᠭᠤᠯᠤᠨ ᠢᠳᠡᠭᠡᠨ ᠤᠮᠳᠠᠭᠠᠨ ᠳᠤ | ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠵᠥᠪᠯᠡᠯ ᠢ ᠵᠣᠬᠢᠶᠠᠨ ᠪᠠᠶᠢᠭᠤᠯᠪᠠ᠃ ᠡᠯ᠎ᠡ ᠰᠤᠷᠭᠠᠭᠤᠯᠢ ᠨᠢ ᠭᠡᠷ ᠤᠨ | ᠠᠬᠠᠮᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠤᠨ ᠠᠬᠠᠮᠠᠳ ᠢ ᠬᠤᠭᠤᠯᠠᠨ ᠭᠡᠷ ᠲᠤ | ᠤᠷᠢᠵᠤ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠬᠦ ᠵᠡᠷᠭᠡ ᠪᠥᠬᠦ ᠶᠠᠪᠤᠴᠠ ᠳᠤ ᠬᠢᠨᠠᠯᠲᠠ | ᠲᠠᠯᠪᠢᠭᠤᠯᠵᠠᠢ᠃ ᠪᠠᠰᠠ ᠪᠠᠶᠢᠩᠭᠤ ᠶᠢᠨ ᠴᠢᠨᠠᠷᠲᠠᠢ ᠪᠠᠷ᠎ᠠ ᠪᠣᠯᠵᠤ ᠬᠤᠭᠤᠯᠠᠯᠠᠬᠤ ᠠᠵᠢᠯᠯᠠᠭ᠎ᠠ ᠶᠢ ᠥᠷᠨᠢᠭᠦᠯᠵᠦ᠂ ᠭᠡᠷ | ᠤᠨ ᠠᠬᠠᠮᠠᠳ ᠪᠣᠯᠣᠨ ᠰᠤᠷᠤᠭᠴᠢᠳ ᠬᠠᠮᠲᠤ ᠪᠠᠷ ᠬᠤᠭᠤᠯᠠᠯᠠᠭᠰᠠᠨ ᠤ ᠳᠠᠷᠠᠭ᠎ᠠ ᠦᠨᠡᠯᠡᠬᠦ ᠬᠦᠰᠦᠨᠦᠭᠲᠦ ᠶᠢ | ᠲᠠᠭᠯᠠᠵᠤ᠂ ᠬᠤᠭᠤᠯᠠᠨ ᠭᠡᠷ ᠤᠨ ᠠᠷᠢᠭᠤᠨ ᠴᠡᠪᠡᠷ ᠪᠣᠯᠣᠨ ᠢᠳᠡᠭᠡᠨ ᠤ ᠶᠠᠰᠤ ᠴᠢᠨᠠᠷ ᠢ ᠨᠤᠲᠠᠯᠠᠬᠤ ᠪᠠᠷ ᠪᠠᠷᠠᠬᠤ | ᠦᠭᠡᠢ ᠪᠠᠰᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ ᠪᠣᠯᠣᠨ᠎ᠠ᠃ | ︽ᠢᠳᠡᠪᠬᠢ ᠪᠤᠰᠣ ᠬᠢᠨᠠᠨ ᠬᠠᠮᠢᠶᠠᠷᠬᠤ︾ ᠠᠴᠠ ︽ᠰᠠᠨᠠᠭᠠᠴᠢᠯᠠᠭ᠎ᠠ ᠠᠴᠠ ᠪᠠᠨ ᠣᠷᠣᠯᠴᠠᠬᠤ︾ ᠬᠦᠷᠲᠡᠯ᠎ᠡ᠂ | ᠪᠠᠷᠠᠭᠤᠨ ᠦᠵᠦᠮᠦᠴᠢᠨ ᠬᠤᠰᠢᠭᠤ ᠭᠡᠷ ᠪᠦᠯᠢ ᠪᠠ ᠰᠤᠷᠭᠠᠭᠤᠯᠢ ᠶᠢᠨ ᠭᠦᠨᠵᠡᠭᠡᠢ ᠬᠠᠮᠲᠤᠷᠠᠯᠴᠠᠭ᠎ᠠ ᠪᠠᠷ | ᠳᠠᠮᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠢᠯᠡ ᠲᠣᠳᠣ᠂ ᠵᠢᠷᠤᠮᠵᠢᠭᠰᠠᠨ ᠠᠷᠭ᠎ᠠ ᠬᠡᠮᠵᠢᠶ᠎ᠡ ᠪᠠᠷ ᠰᠤᠷᠤᠭᠴᠢᠳ ᠤᠨ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠵᠤ ᠪᠣᠢ᠃ | ᠢᠳᠡᠭᠡᠨ ᠤᠮᠳᠠᠭᠠᠨ ᠤ ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠵᠥᠪᠯᠡᠯ ᠤᠨ ᠭᠡᠰᠢᠭᠦᠨ ᠭᠧ ᠶᠦᠩ ᠵᠢᠶᠧ᠄ | ︽ᠬᠡᠦᠬᠡᠳ ᠤᠨ ᠰᠤᠷᠭᠠᠭᠤᠯᠢ ᠳᠠᠬᠢ ᠢᠳᠡᠭᠡᠨ ᠤᠮᠳᠠᠭᠠᠨ ᠤ ᠡᠷᠡᠭᠦᠯ ᠮᠡᠨᠳᠦ ᠶᠢᠨ ᠠᠰᠠᠭᠤᠳᠠᠯ ᠪᠣᠯ ᠮᠠᠨ ᠤ | ᠭᠡᠷ ᠤᠨ ᠠᠬᠠᠮᠠᠳ ᠤᠨ ᠬᠠᠮᠤᠭ ᠠᠴᠠ ᠠᠩᠬᠠᠷᠳᠠᠭ ᠠᠰᠠᠭᠤᠳᠠᠯ ᠤᠨ ᠨᠢᠭᠡ ᠪᠣᠯᠣᠨ᠎ᠠ᠂ ᠪᠢᠳᠡ ᠰᠤᠷᠤᠭᠴᠢᠳ ᠤᠨ | ᠢᠳᠡᠭᠡᠨ ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠲᠥᠯᠥᠭᠡ ᠬᠦᠴᠦ ᠪᠠᠨ ᠡᠷᠭᠦᠬᠦ | ᠶᠢᠨ ᠬᠠᠮᠲᠤ ᠪᠠᠰᠠ ᠭᠡᠷ ᠤᠨ ᠠᠬᠠᠮᠠᠳ ᠤᠨ ᠰᠤᠷᠭᠠᠭᠤᠯᠢ ᠲᠠᠢ ᠬᠠᠷᠢᠯᠴᠠᠬᠤ ᠬᠥᠭᠦᠷᠭᠡ ᠪᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠭᠤᠯᠠᠨ ᠭᠡᠷ ᠤᠨ ᠢᠳᠡᠭᠡᠨ ᠬᠤᠳᠠᠯᠳᠤᠨ ᠠᠪᠬᠤ ᠳᠤ ᠬᠢᠨᠠᠯᠲᠠ ᠲᠠᠯᠪᠢᠬᠤ᠂ ᠢᠳᠡᠭᠡᠨ ᠤ | ᠮᠠᠲ᠋ᠧᠷᠢᠶᠠᠯ ᠤᠨ ᠰᠢᠨ᠎ᠡ ᠰᠣᠷᠭᠤᠭ ᠤᠨ ᠬᠡᠮᠵᠢᠶ᠎ᠡ᠂ ᠴᠢᠨᠠᠷ ᠢ ᠪᠠᠲᠤᠯᠠᠬᠤ ᠬᠤᠭᠤᠴᠠᠭ᠎ᠠ ᠶᠢ ᠪᠠᠶᠢᠴᠠᠭᠠᠬᠤ᠂ ᠪᠠᠰᠠ | ᠬᠤᠭᠤᠯᠠᠨ ᠭᠡᠷ ᠤᠨ ᠠᠷᠢᠭᠤᠨ ᠴᠡᠪᠡᠷ ᠣᠷᠴᠢᠨ ᠲᠣᠭᠤᠷᠢᠨ ᠢ ᠪᠠᠶᠢᠴᠠᠭᠠᠨ ᠦᠵᠡᠬᠦ ᠵᠡᠷᠭᠡ ᠠᠵᠢᠯ ᠢ ᠬᠢᠳᠡᠭ᠃ | ᠰᠡᠭᠦᠯᠡᠷ ᠵᠥᠪᠯᠡᠯ ᠤᠨ ᠬᠢᠨ ᠰᠤᠷᠭᠠᠭᠤᠯᠢ᠂ ᠭᠡᠷ ᠤᠨ ᠠᠬᠠᠮᠠᠳ ᠲᠠᠢ ᠬᠠᠷᠢᠯᠴᠠᠬᠤ ᠵᠠᠪᠰᠢᠶᠠᠨ ᠢ ᠨᠠᠩ ᠥᠷᠭᠡᠳᠬᠡᠵᠦ᠂ | ᠬᠡᠦᠬᠡᠳ ᠤᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ︕ | ︾ ᠭᠡᠯᠡ᠃ |